蒙古文网站Logo
ᠰᠢᠨᠬᠤᠸᠠ ᠮᠤᠩᠭ᠋ᠤᠯ ᠨᠧᠲ

ᠠᠮᠠᠷᠠᠯᠲᠠ ᠶᠢᠨ ᠡᠬᠢᠨ ᠤ ᠲᠦᠷᠪᠡ ᠬᠤᠨᠤᠭ ᠲᠤ ᠤᠯᠤᠰ ᠲᠠᠶᠠᠭᠠᠷ ᠤᠨ ᠬᠡᠪᠴᠢᠶᠠᠨ ᠳ᠋ᠤ 4.61 ᠳ᠋ᠦᠩᠰᠢᠭᠤᠷ ᠵᠤᠷᠴᠢᠭᠰᠠᠳ ᠢ ᠬᠦᠯᠢᠶᠡᠨ ᠵᠤᠴᠢᠯᠠᠪᠠ

2017-10-05 13:29

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎᠎ᠠ ᠶᠢᠨ 4 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠴᠢ ᠵᠦᠩ ᠰᠢ ) ᠠᠮᠠᠷᠠᠯᠲᠠ ᠶᠢᠨ ᠡᠬᠢᠨ ᠤ ᠲᠦᠷᠪᠡ ᠬᠤᠨᠤᠭ ᠲᠤ ᠤᠯᠤᠰ ᠲᠠᠶᠠᠭᠠᠷ ᠤᠨ ᠬᠡᠪᠴᠢᠶᠠᠨ ᠤ ᠠᠶᠠᠯᠠᠯ ᠵᠢᠭᠤᠯᠴᠢᠯᠠᠯ ᠤᠨ ᠬᠠᠩᠭ᠋ᠠᠯᠭ᠎ᠠ ᠬᠡᠷᠡᠭᠴᠡᠭᠡ ᠭᠦᠢᠴᠡᠳ᠂ ᠵᠠᠬ᠎ᠠ ᠵᠡᠭᠡᠯᠢ ᠲᠤᠭᠲᠠᠭᠤᠨ ᠪᠠᠶᠢᠨ᠎ᠠ᠃ ᠤᠲᠤᠬᠠᠨ ᠪᠤᠯᠲᠠᠯ᠎ᠠ ᠤᠯᠤᠰ ᠤᠨ ᠲᠤᠲᠤᠭᠠᠲᠤ ᠳ᠋ᠤ ᠲᠠᠪᠬᠤᠷᠲᠠᠭᠰᠠᠨ ᠲᠤᠭ᠎ᠠ ᠪᠡᠷ 4.61 ᠳ᠋ᠦᠩᠰᠢᠭᠤᠷ ᠵᠤᠷᠴᠢᠭᠰᠠᠳ ᠢ ᠬᠦᠯᠢᠶᠠᠨ ᠵᠤᠴᠢᠯᠠᠵᠤ ᠠᠳᠠᠯᠢ ᠬᠤᠭᠤᠴᠠᠭᠠᠨ ᠤ ᠬᠢ ᠡᠴᠡ 11.4% ᠪᠡᠷ ᠨᠡᠮᠡᠭᠲᠡᠨ 3856 ᠳ᠋ᠦᠩᠰᠢᠭᠤᠷ ᠤᠷᠤᠯᠭ᠎ᠠ ᠲᠠᠢ ᠪᠤᠯᠵᠤ ᠪᠠᠶᠢᠨ᠎ᠠ᠂ ᠡᠨᠡ ᠨᠢ ᠠᠳᠠᠯᠢ ᠬᠤᠭᠤᠴᠠᠭᠠᠨ ᠤ ᠬᠢ ᠡᠴᠡ 13.6% ᠪᠡᠷ ᠨᠡᠮᠡᠭᠲᠡᠪᠡ᠃ 

    ᠤᠯᠤᠰ ᠤᠨ ᠠᠶᠠᠯᠠᠯ ᠵᠢᠭᠤᠯᠴᠢᠯᠠᠯ ᠤᠨ ᠲᠤᠪᠴᠢᠶᠠᠨ ᠤ ᠬᠠᠮᠢᠶᠠᠲᠠᠢ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠶᠢᠡᠷ᠂ ᠤᠯᠤᠰ ᠠᠷᠠᠳ ᠤᠨ ᠤᠷᠤᠯᠭ᠎ᠠ ᠶᠢᠨ ᠲᠠᠰᠤᠷᠠᠯᠲᠠ ᠦᠭᠡᠢ ᠨᠡᠮᠡᠭᠲᠡᠬᠦ ᠪᠡᠷ ᠢᠷᠭᠡᠳ ᠤᠨ ᠠᠮᠢᠵᠢᠷᠠᠭ᠎ᠠ ᠰᠠᠶᠢᠵᠢᠷᠠᠵᠤ᠂ ᠠᠶᠠᠯᠠᠯ ᠵᠢᠭᠤᠯᠴᠢᠯᠠᠯ ᠨᠢ ᠠᠮᠠᠷᠠᠯᠲᠠ ᠶᠢᠨ ᠡᠲᠦᠷ ᠶᠢᠡᠨ ᠦᠩᠭᠡᠷᠡᠬᠦᠯᠬᠦ ᠭᠤᠤᠯ ᠠᠷᠭ᠎ᠠ ᠬᠡᠯᠪᠡᠷᠢ ᠪᠤᠯᠵᠤ ᠪᠠᠶᠢᠨ᠎ᠠ ᠭᠡᠵᠡᠢ᠃

    ᠬᠢᠯᠢ ᠶᠢᠨ ᠭᠠᠲᠠᠨ᠎ᠠ ᠵᠤᠷᠴᠢᠬᠤ ᠬᠦᠮᠦᠰ ᠤᠨ ᠲᠤᠭ᠎ᠠ ᠲᠤᠭᠲᠠᠭᠤᠨ ᠨᠡᠮᠡᠭᠲᠡᠵᠦ᠂ ᠲᠡᠯᠡᠬᠡᠢ ᠶᠢᠨ ᠡᠯ᠎ᠡ ᠤᠯᠤᠰ ᠤᠷᠤᠨ ᠤ ᠬᠢᠨ ᠡᠯᠪᠡᠭ᠌ ᠪᠠᠶᠠᠯᠢᠭ ᠠᠭᠤᠯᠭ᠎ᠠ ᠲᠠᠢ ᠠᠵᠢᠯᠯᠠᠭ᠎ᠠ᠂ ᠬᠢᠮᠲᠠᠷᠠᠭᠤᠯᠤᠨ ᠪᠤᠷᠤᠯᠠᠭᠤᠯᠬᠤ ᠵᠡᠷᠭᠡ ᠪᠡᠷ ᠲᠤᠮᠲᠠᠲᠤ ᠤᠯᠤᠰ ᠤᠨ ᠵᠤᠷᠴᠢᠭᠰᠠᠳ ᠲᠤ ᠦᠢᠯᠡᠴᠢᠯᠡᠵᠦ ᠪᠠᠶᠢᠨ᠎ᠠ᠃ 10 ᠰᠠᠷ᠎ᠠ ᠶᠢᠨ 4 ᠤ ᠡᠲᠦᠷ ᠪᠤᠯᠲᠠᠯ᠎ᠠ ᠬᠢᠯᠢ ᠶᠢᠨ ᠭᠠᠲᠠᠨ᠎ᠠ ᠵᠤᠷᠴᠢᠭᠰᠠᠳ ᠲᠠᠪᠬᠤᠷᠲᠠᠭᠰᠠᠨ ᠲᠤᠭ᠎ᠠ ᠪᠡᠷ 37.26 ᠲᠦᠮᠡᠨ ᠬᠦᠮᠦᠨ ᠬᠦᠷᠪᠡ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121764281