蒙古文网站Logo
ᠰᠢᠨᠬᠤᠸᠠ ᠮᠤᠩᠭ᠋ᠤᠯ ᠨᠧᠲ

ᠬᠠᠨᠠᠰ ᠵᠢᠭᠤᠯᠴᠢᠯᠠᠯ ᠤᠨ ᠪᠦᠰᠡ ᠶᠢᠨ ᠴᠠᠰᠤᠲᠤ ᠦᠵᠡᠮᠵᠢ

2017-10-06 12:04

    ᠬᠦᠢᠲᠠᠨ ᠠᠭᠤᠷ ᠠᠮᠢᠰᠬᠤᠯ ᠤᠨ ᠨᠦᠯᠦᠭᠡᠯᠡᠯ ᠶᠢᠡᠷ ᠰᠢᠨᠵᠢᠶᠠᠩ ᠤᠨ ᠬᠠᠨᠠᠰ ᠵᠢᠭᠤᠯᠴᠢᠯᠠᠯ ᠤᠨ ᠪᠦᠰᠡ ᠳ᠋ᠤ ᠴᠠᠰᠤ ᠤᠷᠤᠪᠠ᠃ 10 ᠰᠠᠷ᠎ᠠ ᠶᠢᠨ 5 ᠤ ᠡᠲᠦᠷ ᠬᠠᠨᠠᠨᠰ ᠤᠨ ᠴᠠᠰᠤᠨ ᠤ ᠦᠵᠡᠮᠵᠢ ᠨᠢ ᠵᠢᠭᠤᠯᠴᠢᠯᠠᠭᠴᠢᠳ ᠤᠨ ᠠᠩᠬᠠᠷᠤᠯ ᠢ ᠲᠠᠲᠠᠭᠰᠠᠨ ᠶᠤᠮ᠃ ᠮᠦᠨ ᠲᠤᠬᠠᠢ ᠶᠢᠨ ᠡᠲᠦᠷ ᠬᠠᠨᠠᠰ ᠵᠢᠭᠤᠯᠴᠢᠯᠠᠯ ᠤᠨ ᠪᠦᠰᠡ ᠳ᠋ᠤ ᠲᠤᠮᠲᠠ ᠡᠴᠡ ᠶᠡᠬᠡ ᠴᠠᠰᠤ ᠤᠷᠤᠨ᠎ᠠ ᠭᠡᠵᠦ ᠪᠤᠤᠷᠵᠢᠨ ᠰᠢᠶᠠᠨ ᠤ ᠴᠠᠭ ᠠᠭᠤᠷ ᠤᠨ ᠲᠤᠪᠴᠢᠶᠠᠨ ᠡᠴᠡ ᠮᠡᠲᠡᠭᠡᠯᠡᠭᠰᠡᠨ ᠪᠠᠶᠢᠲᠠᠭ ᠶᠤᠮ᠃ ᠤᠶᠢᠯᠠᠭᠠᠭᠰᠠᠨ ᠶᠢᠡᠷ᠂ ᠬᠠᠨᠠᠰ ᠵᠢᠭᠤᠯᠴᠢᠯᠠᠯ ᠤᠨ ᠪᠦᠰᠡ ᠬᠦᠢᠲᠡᠨ ᠰᠡᠷᠢᠬᠦᠨ ᠪᠦᠰᠡ ᠳ᠋ᠤ ᠤᠷᠤᠰᠢᠵᠤ᠂ ᠡᠪᠦᠯ ᠤᠨ ᠤᠯᠠᠷᠢᠯ ᠪᠠᠷᠤᠭ 7 ᠰᠠᠷ᠎ᠠ ᠤᠷᠴᠢᠮ ᠤᠷᠲᠤ ᠪᠠᠶᠢᠲᠠᠭ᠃ ᠭᠠᠵᠠᠷ ᠵᠦᠢ ᠶᠢᠨ ᠪᠠᠶᠢᠷᠢᠯᠠᠯ ᠤᠨ ᠤᠨᠴᠠᠭᠠᠢ ᠡᠴᠡ ᠪᠤᠯᠵᠤ ᠶᠢᠰᠦᠨ ᠰᠠᠷ᠎ᠠ ᠶᠢᠨ ᠰᠡᠬᠦᠯᠴᠢ ᠡᠴᠡ ᠠᠷᠪᠠᠨ ᠰᠠᠷ᠎ᠠ ᠶᠢᠨ ᠡᠬᠢᠨ ᠳ᠋ᠤ ᠠᠩᠬᠠᠨ ᠤ ᠴᠠᠰᠤ ᠤᠨᠠᠲᠠᠭ᠃ ᠲᠤᠭ᠎ᠠ ᠪᠠᠷᠢᠮᠲᠠ ᠳ᠋ᠤ ᠦᠵᠡᠬᠦᠯᠦᠭᠰᠡᠨ ᠶᠢᠡᠷ᠂ 10 ᠰᠠᠷ᠎ᠠ ᠶᠢᠨ 4 ᠤ ᠡᠲᠦᠷ ᠪᠤᠯᠲᠠᠯ᠎ᠠ ᠬᠠᠨᠠᠰ ᠵᠢᠭᠤᠯᠴᠢᠯᠠᠯ ᠤᠨ ᠪᠦᠰᠡ ᠲᠠᠪᠬᠤᠷᠲᠠᠭᠰᠠᠨ ᠲᠤᠭ᠎ᠠ ᠪᠡᠷ 34686 ᠵᠢᠭᠤᠯᠴᠢᠯᠠᠭᠰᠠᠳ ᠢ ᠬᠦᠯᠢᠶᠡᠨ ᠵᠤᠴᠢᠯᠠᠪᠠ᠃

ᠢᠷᠡᠯᠳᠡ᠄ ᠲᠤᠮᠲᠠᠲᠤ ᠤᠯᠤᠰ ᠤᠨ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121766051