蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠶᠢᠰᠦᠳᠦᠬᠡᠷ ᠬᠤᠭᠤᠴᠠᠭᠠᠨ ᠤ ᠳᠤᠮᠳᠠᠳᠤ ᠤᠯᠤᠰ ᠤᠨ ᠴᠡᠴᠡᠭ᠌ ᠡᠪᠡᠰᠦᠨ ᠤ ᠦᠵᠡᠰᠬᠦᠯᠡᠩ ᠢᠶᠡᠷ 21 ᠱᠠᠩᠨᠠᠯ ᠬᠦᠷᠳᠡᠪᠡ

2017-10-07 14:43

    10 ᠰᠠᠷ᠎ᠠ ᠶᠢᠨ 3 ᠤ ᠡᠳᠦᠷ᠂ ᠶᠢᠰᠦᠳᠦᠬᠡᠷ ᠬᠤᠭᠤᠴᠠᠭᠠᠨ ᠤ ᠳᠤᠮᠳᠠᠳᠤ ᠤᠯᠤᠰ ᠤᠨ ᠴᠡᠴᠡᠭ᠌ ᠡᠪᠡᠰᠦᠨ ᠤ ᠦᠵᠡᠰᠬᠦᠯᠡᠩ ᠦᠵᠡᠭᠴᠢ ᠳᠦᠮᠡᠨ ᠤ ᠠᠩᠬᠠᠷᠤᠯ ᠳᠤ ᠬᠦᠷᠴᠤ ᠪᠠᠶᠢᠯ᠎ᠠ᠃ ᠡᠨᠳᠡ ᠦᠪᠦᠷ ᠮᠤᠩᠭᠤᠯ ᠤᠨ 56 ᠳᠦᠷᠦᠯ ᠤᠨ ᠬᠡᠬᠡᠷ᠎ᠡ ᠶᠢᠨ ᠴᠡᠴᠡᠭ ᠡᠪᠡᠰᠦ ᠳᠡᠯᠬᠡᠭᠳᠡᠵᠤ᠂ ᠳᠤᠰᠬᠠᠢ ᠮᠡᠷᠬᠡᠵᠢᠯᠳᠡᠳ ᠤᠨ ᠰᠠᠶᠢᠨ ᠦᠨᠡᠯᠡᠬᠡ ᠶᠢ ᠬᠦᠷᠳᠡᠨ ᠵᠢᠭᠤᠯᠴᠢᠳ ᠤᠨ ᠪᠠᠬᠠᠷᠬᠠᠯ ᠢ ᠤᠯᠤᠭᠰᠠᠨ ᠪᠠᠶᠢᠨ᠎ᠠ᠃ ᠵᠤᠬᠢᠶᠠᠨ ᠪᠠᠶᠢᠭᠤᠯᠬᠤ ᠵᠦᠪᠯᠡᠯ ᠤᠨ ᠬᠢᠨᠠᠨ ᠰᠢᠯᠭᠠᠷᠠᠭᠤᠯᠤᠯᠳᠠ ᠪᠡᠷ 1 ᠠᠯᠳᠠ᠂ 9 ᠮᠦᠩᠬᠦ᠂ 11 ᠬᠦᠷᠡᠯ ᠮᠧᠳᠠᠯ ᠬᠦᠷᠳᠡᠵᠡᠢ᠃

    ᠡᠨᠡᠬᠦ ᠦᠵᠡᠰᠬᠦᠯᠡᠩ ᠨᠢ 4 ᠵᠢᠯ ᠳᠤ ᠨᠢᠬᠡ ᠤᠳᠠᠭ᠎ᠠ ᠵᠤᠬᠢᠶᠠᠨ ᠪᠠᠶᠢᠭᠤᠯᠤᠭᠳᠠᠳᠠᠭ᠂ ᠡᠨᠡ ᠵᠢᠯ ᠤᠨ 9 ᠰᠠᠷ᠎ᠠ ᠶᠢᠨ 1 ᠤ ᠡᠳᠦᠷ ᠢᠷᠭᠠᠢ ᠬᠤᠳᠠ ᠳᠤ ᠨᠡᠬᠡᠬᠡᠯᠳᠡ ᠪᠡᠨ ᠬᠢᠵᠤ᠂ 10 ᠰᠠᠷ᠎ᠠ ᠶᠢᠨ 7 ᠪᠤᠶᠤ ᠦᠨᠦᠳᠦᠷ ᠬᠠᠭᠠᠯᠳᠠ ᠪᠡᠨ ᠬᠢᠬᠦ ᠪᠤᠯᠵᠤ ᠪᠠᠶᠢᠭ᠎ᠠ ᠶᠤᠮ᠃ ᠦᠵᠡᠰᠬᠦᠯᠡᠩ ᠢᠶᠡᠷ 33 ᠮᠤᠵᠢ ᠬᠤᠳᠠ ᠳᠤᠭᠤᠷᠢᠭ ᠤᠷᠤᠯᠴᠠᠵᠠᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121768316