蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠤᠷᠳᠤᠰ ᠬᠤᠳᠠ ᠮᠤᠡᠭᠭᠤᠯ ᠢᠶᠡᠷ ᠬᠢᠴᠢᠶᠡᠯᠯᠡᠬᠦ ᠰᠤᠷᠤᠬᠴᠢᠳ ᠤᠨ 15 ᠵᠢᠯ ᠤᠨ ᠰᠤᠢᠢᠳᠭᠡᠯ ᠬᠤᠷᠢᠶᠡᠬᠤ ᠦᠭᠡᠢ ᠰᠤᠷᠭᠠᠨ ᠬᠦᠮᠦᠵᠢᠯ ᠢ ᠪᠡᠶᠡᠯᠡᠬᠦᠯᠪᠡ

2017-10-07 14:43

    ᠦᠪᠦᠷ ᠮᠤᠩᠭᠤᠯ ᠤᠨ ᠤᠷᠳᠤᠰ ᠬᠤᠳᠠ ᠰᠤᠷᠭᠠᠨ ᠬᠦᠮᠦᠵᠢᠯ ᠢ ᠤᠷᠢᠳᠡᠪᠡᠷ ᠬᠦᠭᠵᠢᠬᠦᠯᠬᠦ ᠪᠠᠢᠢᠯᠳᠤᠬᠤ ᠪᠤᠳᠤᠯᠭ᠎ᠠ ᠢᠢ ᠪᠠᠢᠢᠩᠭᠤ ᠪᠠᠷᠢᠮᠳᠠᠯᠠᠵᠤ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠪᠤᠯᠤᠨ ᠴᠢᠳᠡᠪᠦᠷᠢᠳᠡᠨ ᠢᠶᠡᠷ ᠬᠤᠳᠠ ᠪᠠᠨ ᠮᠠᠨᠳᠤᠭᠤᠯᠬᠤ ᠪᠠᠢᠢᠯᠳᠤᠬᠤ ᠪᠤᠳᠤᠯᠭ᠎ᠠ ᠵᠢ ᠬᠡᠷᠡᠭᠵᠢᠬᠦᠯᠦᠭᠰᠡᠨ ᠢᠶᠡᠷ ᠪᠦᠬᠦ ᠬᠤᠳᠠ ᠶᠢᠨ ᠦᠨᠳᠤᠰᠤᠳᠡᠨ ᠤ ᠰᠤᠷᠭᠠᠨ ᠬᠦᠮᠦᠵᠢᠯ ᠤᠨ ᠤᠢᠢᠯᠡᠰ ᠠᠯᠬᠤᠮ ᠲᠠᠪᠰᠢᠨ ᠬᠦᠭᠵᠢᠵᠤ᠂ ᠮᠤᠡᠭᠭᠤᠯ ᠢᠶᠡᠷ ᠬᠢᠴᠢᠶᠡᠯᠯᠡᠬᠦ ᠰᠤᠷᠤᠬᠴᠢᠳ ᠤᠨ 15 ᠵᠢᠯ ᠤᠨ ᠰᠤᠢᠢᠳᠭᠡᠯ ᠬᠤᠷᠢᠶᠡᠬᠤ ᠦᠭᠡᠢ ᠰᠤᠷᠭᠠᠨ ᠬᠦᠮᠦᠵᠢᠯ ᠢ ᠪᠡᠶᠡᠯᠡᠬᠦᠯᠪᠡ᠃

    ᠨᠠᠮ ᠤᠨ ᠠᠷᠪᠠᠨ ᠨᠠᠶ᠋ᠮᠡᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠡᠳᠤᠭᠠᠷ ᠪᠦᠬᠦᠳᠠ ᠬᠤᠷᠡᠯ ᠡᠴᠠ ᠨᠠᠰᠢ᠂ ᠤᠷᠳᠤᠰ ᠬᠤᠳᠠ ᠰᠤᠷᠭᠠᠨ ᠬᠦᠮᠦᠵᠢᠯ ᠤᠨ ᠬᠦᠷᠢᠶᠡᠨ ᠤ ᠶᠡᠷᠦᠡᠭᠬᠡᠢᠢᠯᠡᠭᠰᠡᠨ ᠦᠭᠡᠷᠡᠴᠢᠯᠠᠯᠳᠠ ᠢᠢ ᠪᠦᠬᠦ ᠲᠠᠯ᠎ᠠ ᠪᠡᠷ ᠬᠦᠨᠵᠡᠭᠡᠢᠢᠷᠡᠬᠦᠯᠵᠦ᠂ ᠰᠤᠷᠭᠠᠨ ᠬᠦᠮᠦᠵᠢᠯ ᠤᠨ ᠤᠳᠤᠬᠢᠴᠢᠯᠠᠯᠳᠠ ᠢᠢ ᠲᠦᠷᠭᠡᠳᠭᠡᠭᠰᠡᠨ ᠡᠴᠠ ᠪᠦᠬᠦ ᠬᠤᠳᠠ ᠶᠢᠨ ᠰᠤᠷᠭᠠᠨ ᠬᠦᠮᠦᠵᠢᠯ ᠤᠨ ᠶᠡᠷᠦᠡᠭᠬᠡᠢᠢᠯᠡᠭᠰᠡᠨ ᠦᠷᠢᠰᠤᠯᠳᠤᠭᠡᠨ ᠤ ᠬᠦᠴᠤᠨ ᠢᠯᠡᠳᠳᠠ ᠰᠠᠢᠢᠵᠢᠷᠡᠵᠠᠢ᠃ ᠢᠯᠠᠡᠭᠭᠤᠢ᠎ᠠ ᠦᠨᠳᠤᠰᠤᠳᠡᠨ ᠤ ᠰᠤᠷᠭᠠᠨ ᠬᠦᠮᠦᠵᠢᠯ ᠢ ᠤᠷᠢᠳᠡᠪᠡᠷ ᠭᠤᠤᠯᠳᠠᠯᠭ᠎ᠠ ᠲᠠᠢ ᠪᠡᠷ ᠬᠦᠭᠵᠢᠬᠦᠯᠬᠦ ᠢᠢ ᠪᠠᠷᠢᠮᠳᠠᠯᠠᠨ᠂ ᠤᠯᠤᠰ ᠤᠨ ᠡᠯ᠎ᠠ ᠵᠤᠢᠢᠯ ᠤᠨ ᠰᠤᠷᠭᠠᠨ ᠬᠦᠮᠦᠵᠢᠯ ᠤᠨ ᠴᠢᠭᠯᠡᠯᠳᠠ ᠪᠤᠯᠤᠨ ᠦᠨᠳᠤᠰᠤᠳᠡᠨ ᠤ ᠲᠦᠷᠦ ᠶᠢᠨ ᠪᠤᠳᠤᠯᠭ᠎ᠠ ᠢᠢ ᠲᠤᠤᠱᠯᠠᠭᠤᠯᠤᠨ ᠬᠡᠷᠡᠭᠵᠢᠬᠦᠯᠵᠦ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠦᠨᠳᠤᠰᠤᠳᠡᠨ ᠤ ᠰᠤᠷᠭᠠᠨ ᠬᠦᠮᠦᠵᠢᠯ ᠢ ᠬᠦᠭᠵᠢᠬᠦᠯᠬᠦ ᠲᠤᠬᠳᠠᠭᠠᠯ ᠶᠤᠰᠤᠭᠠᠷ ᠡᠯ᠎ᠠ ᠵᠤᠢᠢᠯ ᠤᠨ ᠦᠭᠡᠷᠡᠴᠢᠯᠠᠯᠳᠠ ᠢᠢ ᠱᠠᠯᠠᠪᠳᠠᠭᠤᠯᠤᠨ ᠪᠡᠶᠡᠯᠡᠬᠦᠯᠵᠦ᠂ ᠪᠡᠯᠡ ᠤᠷᠤᠭᠤᠯᠤᠯᠳᠠ ᠪᠠ ᠲᠦᠷᠦ ᠶᠢᠨ ᠪᠤᠳᠤᠯᠭ᠎ᠠ ᠶᠢᠨ ᠲᠠᠮᠵᠢᠯᠭᠡ ᠪᠠᠨ ᠴᠢᠡᠭᠭᠠᠳᠬᠠᠬᠰᠡᠨ ᠶᠤᠮ᠃ ᠡᠬᠦᠨᠴᠢᠯᠠᠨ ᠰᠤᠷᠭᠠᠭᠤᠯᠢ ᠶᠢᠨ ᠨᠠᠰᠤᠨ ᠡᠴᠠ ᠡᠮᠦᠨᠡᠬᠢ ᠰᠤᠷᠭᠠᠨ ᠬᠦᠮᠦᠵᠢᠯ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠡᠡᠭ ᠤᠨ ᠦᠨᠳᠤᠷ ᠵᠡᠷᠭᠡ ᠶᠢᠨ ᠰᠤᠷᠭᠠᠨ ᠬᠦᠮᠦᠵᠢᠯ ᠪᠤᠯᠤᠨ ᠶᠡᠭᠡ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠢᠰᠲ᠋ᠧᠮ ᠢ ᠪᠦᠷᠢᠯᠳᠤᠬᠦᠯᠵᠠᠢ; ᠡᠡᠭ ᠤᠨ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠤᠯᠤᠨ ᠤᠷ᠎ᠠ ᠮᠡᠷᠭᠡᠵᠢᠯ ᠤᠨ ᠪᠤᠯᠪᠠᠰᠤᠷᠡᠯ ᠢ ᠤᠷᠭᠠᠨᠢᠭ ᠢᠶᠡᠷ ᠤᠶᠠᠯᠳᠤᠭᠤᠯᠪᠠ; ᠵᠢᠭᠠᠨ ᠰᠤᠷᠭᠠᠯᠳᠠ ᠶᠢᠨ ᠡᠬᠢ ᠪᠠᠶᠠᠯᠢᠭ᠂ ᠬᠢᠴᠢᠶᠡᠯ ᠤᠨ ᠲᠤᠬᠢᠷᠠᠭᠤᠯᠤᠯᠳᠠ ᠪᠠ ᠰᠤᠷᠭᠠᠨ ᠬᠦᠮᠦᠵᠢᠯ ᠤᠨ ᠵᠠᠬᠪᠤᠷ ᠢ ᠬᠠᠷᠢᠯᠴᠠᠨ ᠵᠤᠬᠢᠴᠠᠯᠳᠤᠭᠤᠯᠪᠠ; ᠵᠢᠭᠠᠨ ᠰᠤᠷᠭᠠᠯᠳᠠ ᠶᠢᠨ ᠠᠷᠭ᠎ᠠ᠂ ᠶᠠᠰᠦ ᠴᠢᠨᠡᠷ ᠤᠨ ᠪᠡᠷᠢᠮᠵᠢᠶ᠎ᠠ ᠪᠠ ᠦᠨᠠᠯᠠᠨ ᠲᠤᠬᠳᠠᠭᠠᠯᠳᠠ ᠶᠢᠨ ᠲᠤᠬᠳᠠᠴᠠ ᠵᠢ ᠢᠵᠢ ᠪᠦᠷᠢᠳᠤᠬᠦᠯᠦᠭᠰᠡᠨ ᠪᠠᠢᠢᠨ᠎ᠠ᠃ ᠡᠳᠡᠭᠡᠷ ᠨᠢ ᠤᠷᠳᠤᠰ ᠬᠤᠳᠠ ᠵᠢᠨ ᠭᠠᠵᠡᠷ ᠤᠷᠤᠨ ᠤ ᠤᠨᠴᠠᠯᠢᠭ ᠪᠤᠯᠤᠨ ᠴᠠᠭ ᠦᠶ᠎ᠠ ᠶᠢᠨ ᠤᠨᠴᠠᠯᠢᠭ ᠲᠠᠢ ᠦᠨᠳᠤᠰᠤᠳᠡᠨ ᠤ ᠰᠤᠷᠭᠠᠨ ᠬᠦᠮᠦᠵᠢᠯ ᠤᠨ ᠰᠢᠰᠲ᠋ᠧᠮ ᠲᠤᠬᠳᠠᠨᠢᠬᠰᠡᠨ ᠢ ᠲᠤᠰᠬᠠᠵᠤ ᠪᠠᠢᠢᠬᠤ ᠮᠦᠷᠳᠡᠭᠡᠨ ᠡᠯ᠎ᠠ ᠱᠠᠳᠤᠨ ᠤ ᠵᠠᠰᠠᠭ ᠤᠨ ᠤᠷᠳᠤᠨ ᠤ ᠪᠦᠬᠦ ᠲᠠᠯ᠎ᠠ ᠪᠡᠷ ᠠᠬᠢᠭᠤᠯᠦᠬᠰᠡᠨ ᠪᠠ ᠨᠠᠢᠢᠭᠡᠮ ᠤᠨ ᠡᠯ᠎ᠠ ᠡᠳᠡᠭᠡᠳ ᠤᠨ ᠦᠷᠭᠡᠨ ᠤᠷᠤᠯᠴᠠᠯᠭ᠎ᠠ ᠪᠡᠷ ᠤᠷᠳᠤᠰ ᠬᠤᠳᠠ ᠵᠢᠨ ᠦᠨᠳᠤᠰᠤᠳᠡᠨ ᠤ ᠰᠤᠷᠭᠠᠨ ᠬᠦᠮᠦᠵᠢᠯ ᠤᠨ ᠤᠢᠢᠯᠡᠰ ᠡᠷᠡᠬᠦᠯ ᠪᠦᠭᠡᠳ ᠯᠠᠪᠳᠠᠭᠤᠨ ᠢᠶᠡᠷ ᠬᠦᠭᠵᠢᠬᠦ ᠰᠢᠨ᠎ᠠ ᠪᠠᠢᠢᠳᠠᠯ ᠲᠠᠢ ᠪᠤᠯᠤᠭᠰᠠᠨ ᠢ ᠬᠠᠷᠠᠭᠤᠯᠵᠤ ᠪᠤᠢ᠃

    ᠲᠤᠰ ᠬᠤᠳᠠ ᠡᠩ ᠲᠠᠷᠢᠬᠦᠨ ᠳ᠋ᠤ ᠬᠤᠳᠠ ᠶᠢᠨ ᠲᠡᠳ᠋ ᠲᠠᠷᠤᠭ᠎ᠠ ᠪᠡᠷ ᠲᠤᠭᠤᠢᠢᠯᠠᠡᠭ ᠤᠨ ᠲᠠᠷᠤᠭ᠎ᠠ ᠪᠤᠯᠭᠠᠬᠰᠡᠨ ᠪᠦᠬᠦ ᠬᠤᠳᠠ ᠶᠢᠨ ᠦᠨᠳᠤᠰᠤᠳᠡᠨ ᠤ ᠰᠤᠷᠭᠠᠨ ᠬᠦᠮᠦᠵᠢᠯ ᠤᠨ ᠬᠦᠭᠵᠢᠯᠳᠠ ᠶᠢᠨ ᠲᠦᠪᠰᠢᠨ ᠢ ᠲᠡᠭᠡᠭᠰᠢᠯᠡᠬᠦᠯᠬᠦ ᠳᠦᠰᠦᠯ ᠤᠨ ᠤᠳᠤᠷᠢᠳᠬᠤ ᠪᠠᠭ ᠪᠠᠢᠢᠭᠤᠯᠵᠤ᠂ ᠦᠨᠳᠤᠰᠤᠳᠡᠨ ᠤ ᠰᠤᠷᠭᠠᠨ ᠬᠦᠮᠦᠵᠢᠯ ᠤᠨ ᠬᠦᠭᠵᠢᠯᠳᠠ ᠶᠢᠨ ᠬᠠᠷᠠᠯᠳᠠ ᠪᠠ ᠵᠢᠯ ᠤᠨ ᠠᠵᠢᠯ ᠤᠨ ᠡᠬᠦᠷᠭᠡ ᠵᠢᠴᠢ ᠬᠢᠨᠠᠨ ᠪᠠᠢᠢᠴᠠᠭᠠᠯᠳᠠ ᠶᠢᠨ ᠠᠷᠭ᠎ᠠ ᠢᠢ ᠲᠤᠳᠤᠷᠬᠠᠢ ᠪᠤᠯᠭᠠᠵᠠᠢ᠃ ᠲᠠᠷᠠᠭᠠᠯᠠᠪᠠᠯ᠂ ᠬᠤᠳᠠ ᠪᠠ ᠬᠤᠰᠢᠭᠤ ᠲᠤᠭᠤᠷᠢᠭ ᠵᠢᠯ ᠪᠦᠷᠢ ᠵᠢᠨ ᠦᠨᠳᠤᠰᠤᠳᠡᠨ ᠤ ᠰᠤᠷᠭᠠᠨ ᠬᠦᠮᠦᠵᠢᠯ ᠤᠨ ᠲᠤᠰᠬᠠᠢ ᠲᠦᠷᠦᠯ ᠤᠨ ᠨᠦᠬᠦᠪᠦᠷᠢ ᠶᠢᠨ ᠪᠡᠯᠡ ᠮᠦᠡᠭᠭᠦ ᠢᠢ ᠴᠦᠮ ᠲᠤᠰ ᠱᠠᠳᠤᠨ ᠤ ᠪᠠᠨ ᠤᠯᠤᠰ ᠠᠷᠡᠳ ᠤᠨ ᠡᠳ᠋ ᠤᠨ ᠵᠠᠰᠠᠭ ᠤᠨ ᠪᠠᠩᠬᠢ ᠰᠠᠩᠬᠦᠦ ᠶᠢᠨ ᠲᠦᠰᠤᠪ ᠲᠡᠭᠡᠨ ᠤᠷᠤᠭᠤᠯᠪᠠ᠃

    ᠲᠤᠰ ᠬᠤᠳᠠ 2012 ᠤᠨ ᠡᠴᠠ ᠡᠬᠢᠯᠡᠨ ᠤᠷᠳᠤᠰ ᠨᠤᠳᠤᠬᠳᠠᠢ ᠮᠤᠡᠭᠭᠤᠯ ᠢᠶᠡᠷ ᠬᠢᠴᠢᠶᠡᠯᠯᠡᠬᠦ ᠴᠡᠴᠡᠷᠯᠢᠭ ᠤᠨ ᠬᠡᠤᠭᠡᠳ ᠪᠤᠯᠤᠨ ᠰᠤᠷᠤᠬᠴᠢᠳ ᠡᠴᠡ ᠰᠤᠢᠢᠳᠭᠡᠯ ᠬᠤᠷᠢᠶᠡᠬᠤ ᠦᠭᠡᠢ ᠰᠤᠷᠭᠠᠨ ᠬᠦᠮᠦᠵᠢᠯ ᠢ ᠬᠡᠷᠡᠭᠵᠢᠬᠦᠯᠵᠤ᠂ 2010 ᠤᠨ ᠡᠴᠠ ᠡᠬᠢᠯᠡᠨ ᠲᠤᠰᠬᠠᠢ ᠮᠡᠷᠭᠡᠵᠢᠯ ᠤᠨ ᠰᠤᠷᠭᠠᠭᠤᠯᠢ᠂ ᠡᠡᠭ ᠤᠨ ᠶᠡᠭᠡ ᠲᠡᠭᠡᠳᠦ ᠰᠤᠷᠭᠠᠭᠤᠯᠢ ᠶᠢᠨ ᠵᠢᠡᠭᠬᠢᠨᠢ ᠠᠡᠭᠬᠢ ᠪᠤᠯᠤᠨ ᠤᠯᠤᠰ ᠤᠨ《211 ᠢᠨᠵᠧᠨ᠋᠋ᠧᠷᠢᠡᠭ》 ᠤᠨ ᠰᠤᠷᠭᠠᠭᠤᠯᠢ ᠳᠦ ᠡᠯᠰᠡᠭᠳᠡᠭᠰᠡᠨ ᠮᠤᠡᠭᠭᠤᠯ ᠤᠶᠤᠳᠡᠳ ᠲᠦ ᠬᠦᠮᠦᠨ ᠪᠦᠷᠢ ᠳᠤ ᠵᠢᠯ ᠳᠦ 3000 ᠲᠦᠭᠦᠷᠢᠭ᠂ 5000 ᠲᠦᠭᠦᠷᠢᠭ ᠪᠠ 7000 ᠲᠦᠭᠦᠷᠢᠭ ᠤᠨ ᠨᠦᠬᠦᠪᠦᠷᠢ ᠤᠯᠭᠤᠵᠦ᠂ 2016 ᠤᠨ ᠪᠤᠯᠳᠠᠯ᠎ᠠ ᠨᠠᠢᠢᠳᠠ 1. 9 ᠳ᠋ᠦᠡᠭᠰᠢᠭᠤᠷ ᠲᠦᠭᠦᠷᠢᠭ ᠤᠨ ᠲᠠᠮᠵᠢᠯᠭᠡ ᠶᠢᠨ ᠨᠦᠬᠦᠪᠦᠷᠢ ᠮᠦᠡᠭᠬᠦ ᠦᠭᠴᠦ 4 ᠲᠦᠮᠠ ᠭᠠᠷᠤᠢ ᠮᠤᠡᠭᠭᠤᠯ ᠤᠶᠤᠳᠡᠨ(ᠤᠳᠠᠭ᠎ᠠ) ᠳ᠋ᠤ ᠠᠰᠢᠭ ᠬᠦᠷᠳᠡᠬᠡᠵᠠᠢ᠃

    ᠡᠬᠦᠨ ᠡᠴᠡ ᠭᠠᠳᠠᠨ᠎ᠠ᠂ ᠲᠤᠮᠳᠡᠳᠦ ᠤᠯᠤᠰ ᠤᠨ ᠴᠠᠡᠭ ᠴᠢᠡᠭ ᠴᠢᠯᠠᠭᠤᠨ ᠲᠤᠰᠤᠨ ᠤ ᠠᠭᠤᠷᠬᠠᠢ ᠡᠴᠡ ᠤᠷᠳᠤᠰ ᠬᠤᠳᠠ ᠳᠦ ᠵᠢᠯ ᠪᠦᠷᠢ ᠬᠠᠨᠳᠢᠪᠯᠡᠵᠦ ᠪᠠᠢᠢᠭ᠎ᠠ 1000 ᠲᠦᠮᠠᠨ ᠲᠦᠭᠦᠷᠢᠭ ᠤᠨ ᠦᠨᠳᠤᠰᠤᠳᠡᠨ ᠤ ᠰᠤᠷᠭᠠᠨ ᠬᠦᠮᠦᠵᠢᠯ ᠤᠨ ᠬᠦᠭᠵᠢᠬᠦᠯᠦᠯᠳᠠ ᠶᠢᠨ ᠪᠡᠯᠡ ᠮᠦᠡᠭᠬᠦ ᠢᠢ ᠲᠤᠰᠬᠠᠢᠢᠯᠠᠨ ᠪᠦᠬᠦ ᠬᠤᠳᠠ ᠶᠢᠨ ᠦᠨᠳᠤᠰᠤᠳᠡᠨ ᠤ ᠲᠤᠮᠳᠡᠳᠦ ᠪᠠᠭ᠎ᠠ ᠰᠤᠷᠭᠠᠭᠤᠯᠢ ᠪᠠ ᠬᠡᠤᠭᠡᠳ ᠤᠨ ᠴᠡᠴᠡᠷᠯᠢᠭ ᠤᠨ ᠪᠦᠳᠦᠭᠡᠨ ᠪᠠᠢᠢᠭᠤᠯᠤᠯᠳᠠ ᠪᠤᠯᠤᠨ ᠬᠦᠭᠵᠢᠯᠳᠠ ᠳᠦ ᠵᠠᠷᠤᠴᠠᠭᠤᠯᠵᠦ ᠪᠤᠢ᠃ (ᠤᠶᠤᠨᠪᠠᠳᠦ ᠮᠦᠷᠡᠨ ᠡᠷᠳᠠᠨᠢᠵᠢᠷᠭᠠᠯ)

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121768323