蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠲᠡᠮᠦᠷ ᠵᠠᠮ ᠤᠯᠤᠰ ᠤᠨ ᠪᠠᠶᠠᠷ ᠤᠨ ᠬᠤᠭᠤᠴᠠᠭᠠᠨ ᠳᠤ ᠳᠠᠪᠬᠤᠷᠳᠠᠭᠰᠠᠨ ᠲᠤᠭ᠎ᠠ ᠪᠡᠷ1 ᠳ᠋ᠦᠩᠰᠢᠭᠤᠷ ᠭᠠᠷᠦᠢ ᠵᠢᠭᠤᠯᠴᠢᠨ ᠢ ᠵᠤᠷᠴᠢᠭᠤᠯᠵᠠᠢ

2017-10-08 13:20

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠭᠡ( ᠰᠤᠷᠪᠤᠯᠵᠢᠯᠠᠭᠴᠢ ᠴᠢ ᠵᠦᠩ ᠰᠢ᠂ ᠹᠠᠨ ᠰᠢ) ᠰᠤᠷᠪᠤᠯᠵᠢᠯᠠᠭᠴᠢ ᠳᠤᠮᠳᠠᠳᠤ ᠤᠯᠤᠰ ᠤᠨ ᠳᠡᠮᠦᠷ ᠵᠠᠮ ᠤᠨ ᠶᠡᠷᠦᠩᠬᠡᠢ ᠺᠤᠮᠫᠠᠨᠢ ᠡᠴᠡ ᠤᠶᠢᠯᠠᠭᠠᠭᠰᠠᠨ ᠢᠶᠡᠷ᠂ 9 ᠰᠠᠷ᠎ᠠ ᠶᠢᠨ 28 ᠤ ᠡᠳᠦᠷ ᠡᠴᠡ ᠡᠬᠢᠯᠡᠨ ᠤᠯᠤᠰ ᠤᠨ ᠪᠠᠶᠠᠷ ᠤᠨ ᠠᠮᠠᠷᠠᠯᠲᠠ ᠶᠢᠨ ᠵᠢᠭᠤᠯᠴᠢᠳ ᠢ ᠬᠦᠷᠭᠡᠬᠦ ᠲᠡᠮᠦᠷ ᠵᠠᠮ ᠤᠨ ᠵᠦᠭᠡᠭᠡᠪᠦᠷᠢ ᠡᠬᠢᠯᠡᠭᠰᠡᠨ ᠡᠴᠡ ᠨᠠᠰᠢ᠂ ᠤᠯᠤᠰ ᠳᠠᠶᠠᠭᠠᠷ ᠤᠨ ᠲᠡᠮᠦᠷ ᠵᠠᠮ ᠳᠠᠪᠬᠤᠷᠳᠠᠭᠰᠠᠨ ᠲᠤᠭ᠎ᠠ ᠪᠡᠷ ᠨᠡᠶᠢᠲᠡ 1.05 ᠳ᠋ᠦᠩᠰᠢᠭᠤᠷ ᠵᠢᠭᠤᠯᠴᠢᠨ ᠵᠦᠭᠡᠭᠡᠪᠦᠷᠢᠯᠡᠵᠠᠢ᠃

    10 ᠰᠠᠷ᠎ᠠ ᠶᠢᠨ 7 ᠤ ᠡᠳᠦᠷ᠂ ᠤᠯᠤᠰ ᠳᠠᠶᠠᠭᠠᠷ ᠤᠨ ᠲᠡᠮᠦᠷ ᠵᠠᠮ ᠢᠶᠡᠷ ᠪᠤᠴᠠᠬᠤ ᠵᠢᠭᠤᠯᠴᠢᠳ ᠤᠨ ᠤᠷᠬᠢᠯ ᠤᠨ ᠬᠤᠭᠤᠴᠠᠭ᠎ᠠ ᠪᠤᠯᠵᠤ᠂ ᠤᠷᠢᠳᠴᠢᠯᠠᠨ ᠲᠤᠭᠠᠴᠠᠭᠠᠯᠠᠭᠰᠠᠨ ᠢᠶᠡᠷ ᠲᠠᠪᠬᠤᠷᠳᠠᠭᠰᠠᠨ ᠲᠤᠭ᠎ᠠ ᠪᠡᠷ 1361 ᠲᠦᠮᠡᠨ ᠵᠢᠭᠤᠯᠴᠢᠨ ᠵᠦᠭᠡᠭᠡᠪᠦᠷᠢᠯᠡᠨ᠎ᠠ᠃ ᠪᠤᠴᠠᠬᠤ ᠵᠢᠭᠤᠯᠴᠢᠳ ᠤᠨ ᠤᠷᠬᠢᠯ ᠤᠨ ᠬᠤᠭᠤᠴᠠᠭ᠎ᠠ ᠳᠤ ᠵᠤᠷᠢᠭᠤᠯᠤᠨ ᠲᠡᠮᠦᠷ ᠵᠠᠮ ᠤᠨ ᠰᠠᠯᠠᠭ᠎ᠠ ᠮᠦᠴᠢᠷ ᠡᠴᠡ ᠵᠦᠭᠡᠭᠡᠪᠦᠷᠢᠯᠡᠬᠦ ᠬᠦᠴᠦᠨ ᠢᠶᠡᠨ ᠤᠯᠠᠮ ᠴᠢᠩᠭ᠋ᠠᠳᠬᠠᠵᠤ᠂ 911 ᠵᠢᠭᠤᠯᠴᠢᠳ ᠤᠨ ᠭᠠᠯᠲᠤ ᠲᠡᠷᠭᠡ ᠨᠡᠮᠡᠵᠤ ᠲᠤᠬᠢᠷᠠᠭᠤᠯᠬᠤ ᠪᠡᠷ ᠪᠤᠢ᠃ ᠡᠭᠦᠨ ᠳᠤ ᠲᠡᠮᠦᠷ ᠵᠠᠮ ᠤᠨ ᠲᠤᠪᠴᠢᠶ᠎ᠠ ᠶᠢ ᠠᠯᠭᠠᠰᠠᠬᠤ ᠳᠤᠮᠳᠠ ᠬᠤᠯᠠ ᠵᠠᠮ ᠤᠨ ᠵᠢᠭᠤᠯᠴᠢᠳ ᠤᠨ ᠭᠠᠯᠲᠤ ᠲᠡᠷᠭᠡ 136 ᠨᠡᠮᠡᠵᠤ᠂ ᠲᠡᠮᠦᠷ ᠵᠠᠮ ᠤᠨ ᠲᠤᠪᠴᠢᠶᠠᠨ ᠤ ᠬᠠᠮᠢᠶᠠᠷᠤᠯᠲᠠ ᠳᠡᠬᠢ ᠵᠢᠭᠤᠯᠴᠢᠨ ᠤ ᠭᠠᠯᠲᠤ ᠲᠡᠷᠭᠡ 775 ᠶᠢ ᠨᠡᠮᠡᠵᠤ ᠲᠤᠬᠢᠷᠠᠭᠤᠯᠤᠨ ᠵᠢᠭᠤᠯᠴᠢᠳ ᠤᠨ ᠭᠠᠳᠠᠭᠰᠢ ᠵᠡᠮᠨᠡᠬᠤ ᠱᠠᠭᠠᠷᠳᠠᠯᠭ᠎ᠠ ᠶᠢ ᠬᠠᠩᠭ᠋ᠠᠬᠤ ᠪᠡᠷ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121770144