蒙古文网站Logo
ᠰᠢᠨᠬᠤᠸᠠ ᠮᠤᠩᠭ᠋ᠤᠯ ᠨᠧᠲ

ᠤᠯᠤᠰ ᠲᠠᠶᠠᠭᠠᠷ ᠤᠨ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠰᠠᠶᠢᠵᠢᠷᠠᠵᠠᠢ

2017-10-09 16:27

    ᠡᠨᠡ ᠵᠢᠯ ᠤᠨ 3 ᠰᠠᠷ᠎ᠠ ᠡᠴᠡ 8 ᠰᠠᠷ᠎ᠠ ᠪᠤᠯᠳᠠᠯ᠎ᠠ᠂ ᠪᠡᠬᠡᠵᠢᠩ ᠤᠨ PM2.5 ᠶᠢᠨ ᠦᠳᠬᠡᠴᠡ 6 ᠰᠠᠷ᠎ᠠ ᠳᠠᠷᠠᠭᠠᠯᠠᠨ ᠦᠩᠬᠡᠷᠡᠭᠰᠡᠨ ᠤ ᠠᠳᠠᠯᠢ ᠬᠤᠭᠤᠴᠠᠭᠠᠨ ᠤ ᠬᠢ ᠡᠴᠡ ᠪᠡᠨ ᠴᠦᠮ ᠳᠤᠤᠷ᠎ᠠ ᠪᠠᠶᠢᠵᠤ᠂ 8 ᠰᠠᠷ᠎ᠠ ᠳᠤ ᠳᠤᠮᠳᠠᠴᠢ ᠪᠡᠷ ᠺᠦᠪ ᠮᠧᠲ᠋ᠷ ᠪᠦᠷᠢ ᠳ᠋ᠡᠬᠡᠨ 38 ᠪᠢᠴᠢᠯ ᠭᠷᠠᠮ ᠪᠤᠯᠵᠤ᠂ 2013 ᠤᠨ ᠡᠴᠡ ᠡᠬᠢᠯᠡᠵᠤ ᠬᠡᠮᠵᠢᠭᠰᠡᠨ ᠳᠤᠭ᠎ᠠ ᠪᠠᠷᠢᠮᠳᠠ ᠶᠢᠨ ᠳᠤᠳᠤᠷ᠎ᠠ ᠰᠠᠷ᠎ᠠ ᠶᠢᠨ ᠳᠤᠮᠳᠠᠴᠢ ᠬᠡᠮᠵᠢᠶ᠎ᠠ ᠨᠢ ᠠᠩᠬ᠎ᠠ ᠤᠳᠠᠭ᠎ᠠ 40 ᠪᠢᠴᠢᠯ ᠭᠷᠠᠮ ᠡᠴᠡ ᠳᠤᠤᠷ᠎ᠠ ᠪᠤᠯᠤᠭᠰᠠᠨ ᠪᠠᠶᠢᠨ᠎ᠠ᠃

    ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠬᠦᠴᠦᠨ ᠲᠠᠢ᠂ ᠠᠷᠭ᠎ᠠ ᠠᠪᠴᠠᠯ ᠪᠤᠳᠠᠳᠠᠢ᠂ ᠠᠬᠢᠯᠳᠠ ᠳᠦᠷᠬᠡᠨ᠂ ᠦᠷ᠎ᠡ ᠪᠦᠳᠦᠮᠵᠢ ᠰᠠᠶᠢᠨ ᠴᠠᠭ ᠦᠶ᠎ᠠ ᠳᠤ ᠤᠷᠤᠭᠰᠠᠨ ᠪᠠᠶᠢᠨ᠎ᠠ᠃ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ《ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠳᠦᠷᠬᠡᠳᠬᠡᠨ ᠠᠬᠢᠭᠤᠯᠬᠤ ᠳᠤᠬᠠᠢ ᠰᠠᠨᠠᠯ》᠂《ᠠᠮᠢ ᠠᠬᠤᠢ ᠶᠢᠨ ᠪᠤᠯᠪᠠᠰᠤᠨ ᠤ ᠳᠤᠭᠳᠠᠯᠴᠠᠭᠠᠨ ᠤ ᠦᠬᠡᠷᠡᠴᠢᠯᠡᠯᠳᠡ ᠶᠢᠨ ᠶᠡᠷᠦᠩᠬᠡᠢ ᠳᠦᠰᠦᠪ》 ᠵᠡᠷᠬᠡ ᠶᠢ ᠳᠠᠷᠤᠮᠠᠯᠯᠠᠨ ᠳᠠᠷᠬᠠᠭᠠᠪᠠ᠃ ᠦᠬᠡᠷᠡᠴᠢᠯᠡᠯᠳᠡ ᠶᠢ ᠪᠦᠬᠦ ᠳᠠᠯ᠎ᠠ ᠪᠡᠷ ᠬᠦᠨᠵᠡᠬᠡᠶᠢᠷᠡᠬᠦᠯᠬᠦ ᠳᠦᠪ ᠤᠨ ᠤᠳᠤᠷᠢᠳᠬᠤ ᠪᠠᠭ 40 ᠭᠠᠷᠤᠢ ᠳᠦᠷᠦᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠬᠢᠬᠡᠳ ᠪᠠᠶᠢᠭᠠᠯᠢ ᠤᠷᠴᠢᠨ ᠤ ᠬᠠᠮᠠᠭᠠᠯᠠᠯᠳᠠ ᠶᠢᠨ ᠳᠠᠯ᠎ᠠ ᠪᠡᠷ ᠦᠬᠡᠷᠡᠴᠢᠯᠡᠯᠳᠡ ᠶᠢᠨ ᠪᠤᠳᠠᠳᠠᠢ ᠳᠦᠰᠦᠯ ᠪᠤᠯᠪᠠᠰᠤᠷᠠᠭᠤᠯᠵᠤ᠂ ᠨᠢᠬᠡ ᠪᠦᠯᠦᠭ ᠪᠡᠯᠬᠡ ᠳᠡᠮᠳᠡᠭ ᠤᠨ ᠴᠢᠨᠠᠷᠳᠠᠢ᠂ ᠳᠤᠯᠭᠠᠭᠤᠷᠢᠯᠠᠬᠤ ᠰᠢᠨᠵᠢᠳᠡᠢ ᠦᠬᠡᠷᠡᠴᠢᠯᠡᠯᠳᠡ ᠶᠢᠨ ᠠᠷᠭ᠎ᠠ ᠠᠪᠴᠠᠯ ᠤᠳ ᠢ ᠵᠠᠯᠭᠠᠪᠠᠷ ᠬᠡᠷᠡᠭᠵᠢᠬᠦᠯᠵᠡᠢ᠃ ᠳᠦᠪ ᠤᠨ ᠪᠠᠶᠢᠭᠠᠯᠢ ᠤᠷᠴᠢᠨ ᠤ ᠬᠢᠨᠠᠨ ᠴᠠᠭᠳᠠᠬᠤ ᠠᠯᠪᠠ 31 ᠮᠤᠵᠢ ᠳᠤ ᠬᠢᠨᠠᠨ ᠴᠠᠭᠳᠠᠬᠤ ᠡᠬᠦᠷᠬᠡ ᠬᠦᠢᠴᠡᠳᠬᠡᠪᠡ᠃

    2016 ᠤᠨ ᠳᠤ᠂ ᠪᠡᠬᠡᠵᠢᠩ ᠲᠢᠶᠠᠨᠵᠢᠨ ᠡᠾᠧᠪᠧᠢ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠬᠠᠢ ᠳᠠᠩᠬᠢᠰ ᠤᠨ ᠭᠤᠷᠪᠠᠯᠵᠢᠨ ᠬᠤᠶᠢᠭ ᠤᠨ PM2.5 2013 ᠤᠨ ᠤ ᠬᠢ ᠡᠴᠡ 30% ᠡᠴᠡ ᠳᠡᠬᠡᠬᠦᠷ ᠪᠠᠭᠤᠷᠠᠵᠤ᠂ ᠤᠯᠤᠰ ᠲᠠᠶᠠᠭᠠᠷ ᠤᠨ ᠬᠡᠮᠵᠢᠶᠡᠨ ᠳ᠋ᠡᠬᠢ ᠢᠰᠬᠦᠯᠡᠩ ᠪᠤᠷᠤᠭᠠᠨ ᠤ ᠡᠵᠡᠯᠡᠬᠦᠨ ᠳᠡᠤᠬᠡᠨ ᠤ ᠬᠠᠮᠤᠭ ᠤᠨ ᠦᠨᠳᠦᠷ ᠴᠡᠭ - 30% ᠪᠠᠶᠢᠭᠰᠠᠨ ᠡᠴᠡ 7.2% ᠪᠤᠯᠪᠡ᠃ 2017 ᠤᠨ ᠤ ᠳᠡᠬᠡᠷ᠎ᠡ ᠬᠠᠭᠠᠰ ᠵᠢᠯ᠂ ᠤᠯᠤᠰ ᠲᠠᠶᠠᠭᠠᠷ ᠤᠨ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠤᠨ ᠰᠢᠯᠢᠳᠡᠭᠵᠢᠯᠳᠡ ᠶᠢᠨ ᠬᠡᠮᠵᠢᠶ᠎ᠡ (Ⅰ—Ⅲ ᠳᠦᠷᠦᠯ) 70.0% ᠳᠤ ᠬᠦᠷᠴᠠᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121775427