蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ ᠭᠤᠷᠪᠠᠨ ᠡᠷᠲᠡᠨ ᠤ ᠤᠰᠤᠨ ᠠᠰᠢᠭᠯᠠᠯᠲᠠ ᠶᠢᠨ ᠢᠨᠵᠸᠨ᠋ᠸᠷᠢᠩ ᠳᠡᠯᠡᠬᠡᠢ ᠶᠢᠨ ᠦᠪ ᠲᠤ ᠪᠦᠷᠢᠳᠭᠡᠭ᠍ᠲᠡᠪᠡ

2017-10-12 11:48

    ᠪᠡᠭᠡᠵᠢᠩ ᠤᠨ ᠴᠠᠭ ᠢᠶᠡᠷ 10 ᠰᠠᠷ᠎ᠠ ᠶᠢᠨ 10 ᠤ ᠡᠳᠦᠷ ᠤᠨ ᠤᠷᠤᠢ᠂ 23ᠳ᠋ᠤᠭᠠᠷ ᠬᠤᠭᠤᠴᠠᠭᠠᠨ ᠤ ᠤᠯᠠᠨ ᠤᠯᠤᠰ ᠤᠨ ᠤᠰᠤᠯᠠᠯᠲᠠ ᠪᠠ ᠤᠰᠤ ᠲᠠᠲᠠᠷᠠᠭᠤᠯᠬᠤ ᠶᠡᠬᠡ ᠬᠤᠷᠠᠯ ᠵᠢᠴᠢ ᠤᠯᠠᠨ ᠤᠯᠤᠰ ᠤᠨ ᠤᠰᠤᠯᠠᠯᠲᠠ ᠪᠠ ᠤᠰᠤ ᠲᠠᠲᠠᠷᠠᠭᠤᠯᠬᠤ ᠵᠦᠪᠯᠡᠯ ᠤᠨ 68 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠭᠦᠢᠴᠡᠳᠭᠡᠬᠦ ᠵᠦᠪᠯᠡᠯ ᠤᠨ ᠬᠤᠷᠠᠯ ᠮᠸᠺᠰᠢᠺᠦ  ᠳᠤ ᠬᠤᠷᠠᠯᠳᠤᠪᠠ᠃ ᠮᠠᠨ ᠤ ᠤᠯᠤᠰ ᠡᠴᠡ ᠳᠡᠪᠰᠢᠭᠦᠯᠦᠭᠰᠡᠨ ᠨᠢᠩᠰᠢᠶᠠ ᠶᠢᠨ ᠬᠠᠲᠤᠨ ᠭᠤᠤᠯ ᠤᠨ ᠤᠰᠤ ᠶᠢ ᠲᠠᠲᠠᠬᠤ ᠡᠷᠲᠡᠨ ᠤ ᠤᠰᠤᠯᠠᠯᠲᠠ ᠶᠢᠨ ᠪᠦᠰᠡ ᠶᠢᠨ ᠢᠨᠵᠸᠨ᠋ᠸᠷᠢᠩ᠂ ᠱᠠᠨᠰᠢ ᠶᠢᠨ ᠬᠠᠨ ᠵᠦᠩ ᠤᠨ ᠭᠤᠷᠪᠠᠨ ᠬᠠᠰᠢᠯᠭ᠎ᠠ ᠶᠢᠨ ᠢᠨᠵᠸᠨ᠋ᠸᠷᠢᠩ᠂ ᠹᠦᠵᠢᠶᠠᠨ ᠤ ᠨᠢᠩ ᠳ᠋ᠸ ᠬᠤᠸᠠᠩ ᠵᠢᠦᠢ ᠤᠰᠤᠯᠠᠯᠲᠠ ᠶᠢᠨ ᠢᠨᠵᠸᠨ᠋ᠸᠷᠢᠩ ᠳᠦᠷᠪᠡᠳᠡᠬᠢ ᠡᠭᠡᠯᠵᠢ ᠶᠢᠨ ᠳᠡᠯᠡᠬᠡᠢ ᠶᠢᠨ ᠤᠰᠤᠯᠠᠯᠲᠠ ᠶᠢᠨ ᠢᠨᠵᠸᠨ᠋ᠸᠷᠢᠩ ᠤᠨ ᠦᠪ ᠲᠤ ᠪᠦᠷᠢᠳᠭᠡᠭ᠍ᠳᠡᠪᠡ᠃

    ᠤᠶᠢᠯᠠᠭᠠᠭᠰᠠᠨ ᠢᠶᠡᠷ᠂ ᠳᠡᠯᠡᠬᠡᠢ ᠶᠢᠨ ᠤᠰᠤᠯᠠᠯᠲᠠ ᠶᠢᠨ ᠢᠨᠵᠸᠨ᠋ᠸᠷᠢᠩ ᠤᠨ ᠦᠪ ᠨᠢ ᠳᠡᠯᠡᠬᠡᠢ ᠶᠢᠨ ᠰᠤᠶᠤᠯ ᠤᠨ ᠦᠪ᠂ ᠪᠠᠶᠢᠭᠠᠯᠢ ᠶᠢᠨ ᠦᠪ᠂ ᠲᠠᠷᠢᠶᠠᠯᠠᠩ ᠤᠨ ᠦᠢᠯᠡᠰ ᠤᠨ ᠰᠤᠶᠤᠯ ᠤᠨ ᠦᠪ ᠲᠡᠢ ᠴᠦᠮ ᠳᠡᠯᠡᠬᠡᠢ ᠶᠢᠨ ᠦᠪ ᠬᠡᠮᠡᠭᠳᠡᠵᠤ᠂ ᠤᠯᠠᠨ ᠤᠯᠤᠰ ᠤᠨ ᠤᠰᠤᠯᠠᠯᠲᠠ ᠶᠢᠨ ᠵᠦᠪᠯᠡᠯ ᠡᠴᠡ 2014 ᠤᠨ ᠡᠴᠡ ᠡᠬᠢᠯᠡᠨ ᠰᠤᠩᠭ᠋ᠤᠨ ᠰᠢᠯᠭᠠᠷᠠᠭᠤᠯᠳᠠᠭ ᠳᠡᠯᠡᠬᠡᠢ ᠶᠢᠨ ᠦᠪ ᠤᠨ ᠲᠦᠰᠦᠯ ᠪᠤᠯᠤᠨ᠎ᠠ᠃ ᠰᠤᠩᠭ᠋ᠤᠬᠤ ᠪᠠᠷᠢᠮᠵᠢᠶ ᠠ ᠳᠤ ᠤᠰᠤᠯᠠᠯᠲᠠ ᠶᠢᠨ ᠢᠨᠵᠸᠨ᠋ᠸᠷᠢᠩ ᠤᠨ ᠪᠠᠶᠢᠭᠤᠯᠤᠯᠲᠠ ᠨᠢ 100 ᠵᠢᠯ ᠤᠨ ᠨᠢᠭᠤᠷ ᠢ ᠦᠵᠡᠭᠰᠡᠨ ᠪᠠᠶᠢᠬᠤ᠂ ᠢᠨᠵᠸᠨ᠋ᠸᠷᠢᠩ ᠤᠨ ᠳ᠋ᠢᠽᠠᠶᠢᠨ᠂ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠵᠡᠷᠭᠡ ᠲᠠᠯ᠎ᠠ ᠪᠡᠷ ᠲᠤᠬᠠᠢ ᠶᠢᠨ ᠴᠠᠭ ᠦᠶ᠎ᠠ ᠳ᠋ᠤ ᠤᠷᠤᠶᠢᠯᠠᠭᠰᠠᠨ ᠪᠠᠶᠢᠬᠤ ᠬᠡᠷᠡᠭᠲᠠᠢ᠃

ᠢᠷᠡᠯᠳᠡ᠄ ᠳᠤᠮᠳᠠᠳᠤ ᠤᠯᠤᠰ ᠤᠨ ᠰᠤᠶᠤᠯ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121792056