蒙古文网站Logo
ᠰᠢᠨᠬᠤᠸᠠ ᠮᠤᠩᠭ᠋ᠤᠯ ᠨᠧᠲ

ᠲᠡᠮᠦᠷ ᠵᠠᠮ ᠤᠨ ᠲᠤᠪᠴᠢᠶ᠎ᠠ ᠡᠴᠡ《ᠦᠷᠭᠦᠯᠵᠢᠯᠡᠨ ᠲᠡᠷᠭᠡ ᠰᠤᠯᠢᠬᠤ》 ᠵᠢᠴᠢ ᠬᠤᠷᠳᠤᠨ ᠤ ᠭᠠᠯᠲᠤ ᠲᠡᠷᠭᠡᠨ ᠳᠤ《 ᠦᠪᠡᠷ ᠢᠶᠡᠨ ᠰᠠᠭᠤᠳᠠᠯ ᠰᠤᠩᠭ᠋ᠤᠬᠤ》 ᠦᠢᠯᠡᠴᠢᠯᠡᠭᠡ ᠬᠠᠩᠭ᠋ᠠᠪᠠ

2017-10-13 16:04

    ᠰᠢᠨᠬᠤᠸᠠ ᠬᠤᠷᠢᠶ᠎ᠠ   ᠪᠡᠭᠡᠵᠢᠩ ᠤᠨ 10 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠲᠤᠪᠴᠢᠶ᠎ᠠ ᠡᠴᠡ ᠤᠶᠢᠯᠠᠭᠠᠭᠰᠠᠨ ᠢᠶᠡᠷ᠂ 12 ᠤᠨ ᠡᠳᠦᠷ ᠡᠴᠡ ᠡᠬᠢᠯᠡᠨ ᠲᠡᠮᠤᠷ ᠤᠨ ᠵᠠᠮ ᠤᠨ ᠲᠤᠪᠴᠢᠶ᠎ᠠ ᠡᠴᠡ《ᠦᠷᠭᠦᠯᠵᠢᠯᠡᠨ ᠲᠡᠷᠭᠡ ᠰᠤᠯᠢᠬᠤ》 ᠲᠦᠰᠦᠯ ᠵᠢᠴᠢ ᠬᠤᠷᠳᠤᠨ ᠤ ᠭᠠᠯᠲᠤ ᠲᠡᠷᠭᠡᠨ ᠳᠤ《ᠦᠪᠡᠷ ᠢᠶᠡᠨ ᠰᠠᠭᠤᠳᠠᠯ ᠰᠤᠩᠭ᠋ᠤᠬᠤ》ᠬᠤᠶᠠᠷ ᠤᠶᠢᠯᠠᠴᠢᠯᠡᠭᠡ ᠬᠠᠩᠭ᠋ᠠᠵᠤ᠂ ᠵᠢᠭᠤᠯᠴᠢᠳ ᠤᠨ ᠭᠠᠳᠠᠭᠰᠢ ᠠᠶᠠᠯᠠᠬᠤ ᠳᠤ ᠳᠦᠭᠦᠮ ᠦᠵᠡᠭᠦᠯᠬᠦ ᠪᠡᠷ ᠪᠤᠢ᠃

    ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠢᠯᠡᠷᠭᠡᠶᠢᠯᠡᠭᠰᠡᠨ ᠢᠶᠡᠷ᠂ 12 ᠤᠨ ᠡᠳᠦᠷ ᠡᠴᠡ ᠡᠬᠢᠯᠡᠨ ᠵᠤᠷᠴᠢᠭᠴᠢᠳ 12306 ᠨᠸᠲ ᠪᠤᠯᠤᠨ ᠭᠠᠷ ᠤᠲᠠᠰᠤᠨ ᠤ APP ᠪᠡᠷ ᠲᠠᠰᠤᠯᠪᠤᠷᠢ ᠬᠤᠳᠠᠯᠳᠤᠨ ᠠᠪᠬᠤ ᠳᠤ ᠮᠤᠷᠳᠠᠬᠤ ᠭᠠᠵᠠᠷ ᠪᠤᠯᠤᠨ ᠬᠦᠷᠬᠦ ᠭᠠᠵᠠᠷ ᠤᠨ ᠬᠤᠭᠤᠷᠤᠨᠳᠤ ᠲᠠᠰᠤᠯᠪᠤᠷᠢ ᠪᠠᠶᠢᠬᠤ ᠦᠭᠡᠢ ᠪᠤᠯᠤᠭᠰᠠᠨ ᠪᠤᠶᠤ ᠰᠢᠭᠤᠳ ᠬᠦᠷᠬᠦ ᠭᠠᠯᠲᠤ ᠲᠡᠷᠭᠡ ᠦᠭᠡᠢ ᠦᠶ᠎ᠠ ᠳᠤ ᠵᠢᠭᠤᠯᠴᠢᠳ《ᠦᠷᠭᠦᠯᠵᠢᠯᠡᠨ ᠲᠡᠷᠭᠡ ᠰᠤᠯᠢᠬᠤ》 ᠴᠢᠳᠠᠮᠵᠢ ᠶᠢ ᠠᠰᠢᠭᠯᠠᠪᠠᠯ᠂ ᠲᠠᠰᠤᠯᠪᠤᠷᠢ ᠪᠤᠷᠤᠯᠠᠭᠤᠯᠬᠤ ᠰᠢᠰᠲ᠋ᠸᠮ ᠵᠤᠷᠴᠢᠭᠴᠢᠳ ᠲᠤ ᠨᠢᠭᠡ ᠤᠳᠠᠭ᠎᠎ᠠ ᠲᠡᠷᠭᠡ ᠰᠤᠯᠢᠬᠤ ᠭᠠᠯᠲᠤ ᠲᠡᠷᠭᠡᠨ ᠤ ᠦᠯᠡᠳᠡᠭᠰᠡᠨ ᠲᠠᠰᠤᠯᠪᠤᠷᠢ ᠶᠢᠨ ᠪᠠᠶᠢᠳᠠᠯ ᠢ ᠮᠡᠳᠡᠭᠳᠡᠨ᠎ᠠ᠂ ᠵᠤᠷᠴᠢᠭᠴᠢᠳ ᠲᠠᠰᠤᠯᠪᠤᠷᠢ ᠬᠤᠳᠠᠯᠳᠤᠨ ᠠᠪᠬᠤ ᠳᠤ ᠬᠦᠷᠪᠡᠯ ᠬᠤᠶᠠᠷ ᠬᠡᠰᠡᠭ ᠠᠶᠠᠯᠠᠯ ᠤᠨ ᠲᠠᠰᠤᠯᠪᠤᠷᠢ ᠶᠢ ᠨᠢᠭᠡ ᠯᠡ ᠳᠤᠤᠷ᠎ᠠ ᠬᠤᠳᠠᠯᠳᠤᠨ ᠠᠪᠴᠤ ᠪᠤᠯᠤᠨ᠎ᠠ ᠭᠡᠯ᠎ᠠ᠃

    ᠲᠤᠰ ᠬᠠᠷᠢᠭᠤᠴᠠᠯᠭᠠᠲᠠᠨ ᠪᠠᠰᠠ᠂ ᠲᠡᠮᠦᠷ ᠵᠠᠮ ᠤᠨ ᠲᠤᠪᠴᠢᠶ᠎ᠠ 2016 ᠤᠨ ᠤ 12 ᠰᠠᠷ᠎ᠠ ᠡᠴᠡ ᠡᠬᠢᠯᠡᠨ ᠬᠠᠶᠢᠨᠠᠨ ᠤ ᠠᠷᠠᠯ ᠲᠤᠭᠤᠷᠢᠭᠰᠠᠨ ᠬᠤᠷᠳᠤᠨ ᠤ ᠭᠠᠯᠲᠤ ᠲᠡᠷᠭᠡᠨ ᠳᠤ《ᠦᠪᠡᠷ ᠢᠶᠡᠨ ᠰᠠᠭᠤᠳᠠᠯ ᠰᠤᠩᠭ᠋ᠤᠬᠤ》 ᠦᠢᠯᠡᠴᠢᠯᠡᠭᠡ ᠬᠠᠩᠭ᠋ᠠᠭᠰᠠᠨ ᠰᠠᠭᠤᠷᠢᠨ ᠳᠡᠭᠡᠷ᠎ᠠ᠂ ᠦᠨᠦ ᠵᠢᠯ ᠤᠨ 10 ᠰᠠᠷ᠎ᠠ ᠶᠢᠨ 12 ᠤᠨ ᠡᠳᠦᠷ ᠡᠴᠡ ᠡᠬᠢᠯᠡᠨ ᠬᠤᠷᠳᠤᠨ ᠤ ᠭᠠᠯᠲᠤ ᠲᠡᠷᠭᠡᠨ ᠳᠤ《ᠦᠪᠡᠷ ᠢᠶᠡᠨ ᠰᠠᠭᠤᠳᠠᠯ ᠰᠤᠩᠭ᠋ᠤᠬᠤ》 ᠦᠢᠯᠡᠴᠢᠯᠡᠭᠡ ᠶᠢ ᠬᠠᠩᠭ᠋ᠠᠬᠤ ᠪᠡᠷ ᠪᠤᠢ᠃ ᠵᠤᠷᠴᠢᠭᠴᠢᠳ 12306 ᠨᠸᠲ ᠪᠤᠯᠤᠨ ᠭᠠᠷ ᠤᠲᠠᠰᠤᠨ ᠤ APP ᠪᠡᠷ ᠲᠠᠰᠤᠯᠪᠤᠷᠢ ᠬᠤᠳᠠᠯᠳᠤᠨ ᠠᠪᠬᠤ ᠦᠶᠡᠰ ᠰᠢᠰᠲ᠋ᠸᠮ ᠡᠴᠡ ᠬᠠᠩᠭ᠋ᠠᠭᠰᠠᠨ ᠬᠤᠷᠳᠤᠨ ᠤ ᠭᠠᠯᠲᠤ ᠲᠡᠷᠭᠡᠨ ᠤ ᠰᠠᠭᠤᠳᠠᠯ ᠤᠨ ᠪᠦᠲᠦᠬᠦᠪᠴᠢ ᠵᠢᠷᠤᠭ ᠢ ᠦᠵᠡᠵᠤ ᠰᠠᠭᠤᠳᠠᠯ ᠰᠤᠩᠭ᠋ᠤᠵᠤ ᠪᠤᠯᠤᠨ᠎ᠠ᠃ ᠬᠡᠷᠪᠡ ᠦᠯᠡᠳᠡᠭᠰᠡᠨ ᠰᠠᠭᠤᠳᠠᠯ ᠵᠤᠷᠴᠢᠭᠴᠢᠳ ᠤᠨ ᠱᠠᠭᠠᠷᠳᠠᠯᠭ᠎ᠠ ᠶᠢ ᠬᠠᠩᠭ᠋ᠠᠵᠤ ᠴᠢᠳᠠᠬᠤ ᠦᠭᠡᠢ ᠦᠶᠡᠰ ᠰᠢᠰᠲ᠋ᠸᠮ ᠴᠠᠭᠠᠨ᠎ᠠ ᠡᠴᠡ ᠪᠡᠨ ᠰᠠᠭᠤᠳᠠᠯ ᠰᠤᠩᠭ᠋ᠤᠵᠤ ᠦᠭ᠍ᠭᠦᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121798669