蒙古文网站Logo
ᠰᠢᠨᠬᠤᠸᠠ ᠮᠤᠩᠭ᠋ᠤᠯ ᠨᠧᠲ

ᠡᠷᠯᠢᠰᠡᠵᠢᠭᠦᠯᠦᠭᠰᠡᠨ ᠬᠡᠲᠤ ᠲᠤᠳᠤᠷᠭᠠᠨ ᠤ ᠤᠨᠠᠯᠲᠠ ᠳᠡᠯᠡᠬᠡᠢ ᠶᠢᠨ ᠳᠡᠮᠳᠡᠭᠯᠡᠯ ᠢ ᠰᠢᠨᠡᠳᠭᠡᠪᠡ

2017-10-16 15:14

    15 ᠤ ᠡᠳᠦᠷ᠂ ᠰᠤᠷᠪᠤᠯᠵᠢᠯᠠᠬᠴᠢ ᠤᠯᠤᠰ ᠤᠨ ᠡᠷᠯᠢᠰᠡᠵᠢᠭᠦᠯᠦᠭᠰᠡᠨ ᠲᠤᠳᠤᠷᠭᠠᠨ ᠤ ᠢᠨᠵᠧᠨᠧᠷᠢᠩ ᠤᠨ ᠲᠧᠭᠨᠢᠭ᠌᠌  ᠰᠤᠳᠤᠯᠬᠤ ᠲᠦᠪ ᠡᠴᠡ ᠤᠶᠢᠯᠠᠭᠠᠬᠰᠠᠨ ᠢᠶᠡᠷ᠂ ᠳᠤᠮᠳᠠᠳᠤ ᠤᠯᠤᠰ ᠤᠨ ᠢᠨᠵᠧᠨᠧᠷᠢᠩ ᠤᠨ ᠠᠺᠠᠳᠧᠮᠢ ᠶᠢᠨ ᠠᠺᠠᠳᠧᠮᠢᠴᠢ ᠶᠤᠧᠠᠨ ᠯᠦᠩ ᠫᠢᠩ ᠤᠨ ᠪᠠᠭ ᠤᠨ ᠰᠤᠩᠭ᠋ᠤᠵᠤ ᠪᠤᠶᠢᠵᠢᠭᠤᠯᠤᠭᠰᠠᠨ ᠡᠷᠯᠢᠰᠡᠵᠢᠭᠦᠯᠦᠭᠰᠡᠨ ᠬᠡᠲᠤ ᠲᠤᠳᠤᠷᠭᠠᠨ ᠤ ᠰᠤᠷᠲ 《ᠰᠢᠶᠠᠩ ᠯᠢᠶᠠᠩ ᠶᠧᠦ 900》 15 ᠤ ᠡᠳᠦᠷ ᠾᠧᠪᠧᠢ ᠮᠣᠵᠢ ᠶᠢᠨ ᠬᠦᠢ ᠭᠦ᠋ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠯᠢᠰᠡᠵᠢᠭᠦᠯᠦᠭᠰᠡᠨ ᠬᠡᠳᠦ ᠲᠤᠳᠤᠷᠭᠠᠨ ᠤ ᠵᠢᠱᠢᠶ᠎ᠠ ᠦᠵᠡᠭᠦᠯᠬᠦ ᠰᠠᠭᠤᠷᠢᠨ ᠳᠤ ᠲᠤᠰ ᠮᠣᠵᠢ ᠶᠢᠨ ᠰᠢᠨᠵᠢᠯᠡᠬᠦ ᠤᠬᠠᠭᠠᠨ ᠲᠧᠭᠨᠤᠯᠦᠬᠢ ᠶᠢᠨ ᠲᠢᠩᠬᠢᠮ ᠡᠴᠡ ᠵᠤᠬᠢᠶᠠᠨ ᠪᠠᠶᠢᠭᠤᠯᠤᠭᠰᠠᠨ ᠤᠨᠠᠯᠲᠠ ᠶᠢ ᠬᠡᠮᠵᠢᠬᠦ ᠰᠢᠯᠭᠠᠯᠲᠠ ᠶᠢ ᠦᠩᠭᠡᠷᠡᠭᠡᠭ᠍ᠰᠡᠨ ᠪᠠᠶᠢᠨ᠎ᠠ᠃ ᠲᠤᠰ ᠰᠤᠷᠲ ᠤᠨ ᠮᠦ ᠪᠦᠷᠢ ᠶᠢᠨ ᠳᠤᠮᠳᠠᠴᠢ ᠤᠨᠠᠯᠲᠠ ᠨᠢ 1149.02 ᠺᠢᠯᠤᠭ᠍ᠷᠠᠮ ᠂ ᠳᠠᠷᠤᠢ ᠾᠧᠺᠲ᠋ᠠᠷ ᠪᠦᠷᠢ ᠳᠤ17.2 ᠲᠤᠨ ᠤ ᠤᠨᠠᠯᠲᠠ ᠲᠠᠢ᠃ ᠡᠨᠡ ᠨᠢ ᠳᠡᠯᠡᠬᠡᠢ ᠶᠢᠨ ᠤᠰᠤᠨ ᠳᠤᠳᠤᠷᠭ᠎ᠠ ᠶᠢᠨ ᠨᠢᠬᠡᠴᠢ ᠶᠢᠨ ᠤᠨᠠᠯᠲᠠ ᠳ᠋ᠡᠬᠢ ᠬᠠᠮᠤᠭ ᠤᠨ ᠰᠢᠨ᠎ᠠ᠂ ᠬᠠᠮᠤᠭ ᠤᠨ ᠦᠨᠳᠦᠷ ᠳᠡᠮᠳᠡᠭᠯᠡᠯ ᠢ ᠰᠢᠨᠡᠳᠭᠡᠭ᠍ᠰᠡᠨ ᠶᠤᠮ᠃

ᠢᠷᠡᠯᠳᠡ᠄ ᠰᠢᠨᠵᠢᠯᠡᠬᠦ ᠤᠬᠠᠭᠠᠨ ᠲᠧᠭᠨᠣᠯᠣᠬᠢ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121810503