蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠵᠢᠭᠤᠯᠴᠢᠯᠠᠯ ᠤᠨ ᠤᠬᠠᠭᠤᠯᠭ᠎ᠠ ᠶᠢᠨ ᠬᠤᠷᠠᠯ ᠱᠠᠩᠬᠠᠢ ᠳᠤ ᠶᠠᠪᠤᠭᠳᠠᠪᠠ

2017-10-24 17:48

    ᠦᠴᠦᠭᠡᠳᠦᠷ᠂ ᠬᠦᠬᠡᠬᠤᠲᠠ ᠶᠢᠨ ᠵᠢᠭᠤᠯᠴᠢᠯᠠᠯ ᠤᠨ ᠤᠬᠠᠭᠤᠯᠭ᠎ᠠ ᠶᠢᠨ ᠬᠤᠷᠠᠯ ᠱᠠᠩᠬᠠᠢ ᠳᠤ ᠶᠠᠪᠤᠭᠳᠠᠪᠠ᠃ ᠱᠠᠩᠬᠠᠢ ᠬᠤᠲᠠ ᠶᠢᠨ ᠵᠢᠭᠤᠯᠴᠢᠯᠠᠯ ᠤᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ ᠴᠸᠩ ᠮᠸᠢ ᠬᠤᠩ᠂ ᠱᠠᠩᠭᠠᠢ ᠬᠤᠲᠠ ᠶᠢᠨ ᠮᠢᠨ ᠰᠢᠩ ᠲᠤᠭᠤᠷᠢᠭ ᠤᠨ ᠵᠢᠭᠤᠯᠴᠢᠯᠠᠯ ᠤᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ ᠵᠠᠩ ᠵᠦᠩ ᠯᠢᠶᠠᠩ᠂ ᠱᠠᠩᠬᠠᠢ ᠬᠤᠲᠠ ᠶᠢᠨ 120 ᠵᠢᠭᠤᠯᠴᠢᠯᠠᠯ ᠤᠨ ᠭᠠᠵᠠᠷ ᠤᠨ ᠬᠢᠨ ᠵᠢᠴᠢ ᠱᠠᠩᠬᠠᠢ ᠬᠤᠲᠠ᠂ ᠬᠦᠬᠡᠬᠤᠲᠠ ᠶᠢᠨ 12 ᠭᠤᠤᠯᠯᠠᠬᠤ ᠬᠡᠪᠯᠡᠯ ᠮᠡᠳᠡᠭᠡᠯᠡᠯ ᠤᠨ ᠬᠢᠨ ᠲᠤᠰ ᠬᠤᠷᠠᠯ ᠳᠤ ᠤᠷᠤᠯᠴᠠᠪᠠ᠃

    ᠬᠤᠷᠠᠯ ᠳᠤ᠂ ᠬᠤᠷᠢᠨᠭᠡᠷ ᠰᠢᠶᠠᠨ᠂ ᠲᠤᠭᠲᠠᠬᠤ ᠰᠢᠶᠠᠨ ᠵᠢᠴᠢ ᠴᠢᠩ ᠱᠦᠢ ᠾᠸ ᠰᠢᠶᠠᠨ ᠤ ᠦᠬᠡᠷ ᠲᠤᠬᠤᠢ ᠶᠢ ᠤᠬᠠᠭᠤᠯᠤᠨ ᠲᠠᠨᠢᠯᠴᠠᠭᠤᠯᠪᠠ᠃《ᠳᠤᠮᠳᠠᠳᠤ ᠤᠯᠤᠰ ᠤᠨ ᠰᠦᠨ ᠤ ᠲᠦᠪ》  ᠤ᠋ᠨ ᠴᠢᠬᠤᠯᠠ ᠲᠦᠯᠦᠭᠡᠯᠡᠬᠦ ᠠᠵᠤ ᠠᠬᠤᠶᠢᠯᠠᠯ ᠪᠤᠯᠤᠭᠰᠠᠨ ᠢᠯᠢ ᠪᠦᠯᠦᠭᠯᠡᠯ ᠪᠤᠯᠤᠨ ᠮᠸᠩ ᠨᠢᠤ ᠪᠦᠯᠦᠭᠯᠡᠯ ᠡᠴᠡ ᠵᠤᠴᠢᠳ ᠲᠤ ᠦᠭᠡᠷ ᠤᠨ ᠪᠤᠷᠴᠠ᠂ ᠰᠦᠨ ᠪᠦᠲᠦᠭᠡᠭ᠍ᠲᠡᠬᠦᠨ ᠵᠡᠷᠭᠡ ᠢᠢ ᠳᠡᠯᠭᠡᠵᠤ ᠦᠪᠦᠷ ᠮᠣᠩᠭᠣᠯ ᠤᠨ ᠤᠨᠴᠠᠯᠢᠭᠲᠤ ᠢᠳᠡᠭᠡᠨ ᠢ ᠠᠮᠲᠠᠯᠠᠭᠤᠯᠪᠠ᠃

    ᠰᠡᠭᠦᠯ ᠤᠨ ᠵᠢᠯ ᠤᠳ ᠲᠤ᠂ ᠬᠤᠶᠠᠷ ᠪᠦᠰᠡ ᠨᠤᠲᠤᠭ ᠵᠠᠮ ᠬᠠᠷᠢᠯᠴᠠᠭᠠᠨ ᠤ ᠪᠡᠨ ᠳᠦᠬᠦᠮ ᠲᠦᠳᠡ ᠳᠠᠪᠠᠭᠤᠯᠢᠭ ᠲᠤ ᠰᠠᠭᠤᠷᠢᠯᠠᠨ᠂ ᠬᠠᠨᠲᠤᠯᠭᠠᠳᠤ ᠴᠢᠨᠠᠷ ᠪᠦᠬᠦᠢ ᠵᠢᠭᠤᠯᠴᠢᠯᠠᠯ ᠤᠨ ᠱᠤᠭᠤᠮ ᠢ ᠭᠠᠷᠭᠠᠭᠰᠠᠨ ᠢᠶᠡᠷ ᠬᠤᠶᠠᠷ ᠪᠦᠰᠡ ᠨᠤᠲᠤᠭ ᠤᠨ ᠵᠢᠭᠤᠯᠴᠢᠯᠠᠯ ᠤᠨ ᠦᠢᠯᠡᠰ ᠤᠨ ᠰᠤᠯᠢᠯᠴᠠᠭ᠎ᠠ ᠤᠯᠠᠮ ᠬᠦᠭ᠍ᠵᠢᠶᠡᠨᠲᠠᠢ ᠪᠤᠯᠵᠠᠢ᠃ ᠵᠢᠭᠤᠯᠴᠢᠯᠠᠯ ᠤᠨ ᠤᠬᠠᠭᠤᠯᠭ᠎ᠠ ᠬᠢᠬᠦ ᠠᠵᠠ ᠲᠤᠬᠢᠶᠠᠯ ᠢ ᠠᠳᠬᠤᠵᠤ᠂ ᠬᠤᠶᠠᠷ ᠪᠦᠰᠡ ᠨᠤᠲᠤᠭ ᠤᠨ ᠵᠢᠭᠤᠯᠴᠢᠯᠠᠯ ᠤᠨ ᠭᠠᠵᠠᠷ ᠵᠠᠬ᠎᠎ᠠ ᠵᠡᠭᠡᠯᠢ ᠶᠢᠨ ᠬᠡᠷᠡᠭᠴᠡᠭᠡ ᠪᠡᠨ ᠦᠨᠳᠦᠰᠦᠯᠡᠨ ᠨᠠᠷᠢᠨ ᠨᠢᠬᠲᠠ ᠵᠢᠭᠤᠯᠴᠢᠯᠠᠯ ᠤᠨ ᠵᠠᠮ ᠱᠤᠭᠤᠮ ᠢ ᠲᠤᠬᠢᠷᠠᠭᠤᠯᠵᠤ᠂ ᠬᠠᠮᠲᠤ ᠶᠢᠨ ᠠᠵᠢᠯᠯᠠᠭ᠎ᠠ ᠪᠡᠨ ᠴᠢᠩᠭ᠋ᠠᠳᠬᠠᠨ᠂ ᠵᠢᠭᠤᠯᠴᠢᠯᠠᠯ ᠤᠨ ᠦᠢᠯᠡᠰ ᠤᠨ ᠡᠬᠢ ᠪᠠᠶᠠᠯᠢᠭ ᠢ ᠬᠠᠮᠲᠤ ᠪᠡᠷ ᠡᠳ᠋ᠯᠡᠵᠤ᠂ ᠵᠠᠬ᠎ᠠ ᠵᠡᠭᠡᠯᠢ ᠶᠢ ᠬᠠᠮᠲᠤᠪᠡᠷ ᠨᠡᠭᠡᠭᠡᠵᠤ᠂ ᠰᠤᠷᠠᠭ ᠵᠠᠩᠭᠢ ᠬᠠᠷᠢᠯᠴᠠᠨ ᠨᠡᠪᠲᠡᠷᠡᠯᠴᠡᠭᠰᠡᠨ᠂ ᠵᠢᠭᠤᠯᠴᠢᠳ ᠢᠶᠡᠨ ᠬᠠᠷᠢᠯᠴᠠᠨ ᠰᠤᠯᠢᠯᠴᠠᠬᠤ ᠢ ᠪᠠᠶᠠᠯᠡᠭᠦᠯᠬᠦ ᠪᠡᠷ ᠪᠤᠢ᠃ (ᠰᠤᠷᠪᠤᠯᠵᠢᠯᠠᠭᠴᠢ ᠹᠸᠩ ᠶᠡᠨ ᠫᠢᠩ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121850373