蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠤᠯᠤᠰ ᠤᠨ ᠰᠠᠨᠰᠠᠷᠴᠢᠨ ᠶᠠᠩ ᠯᠢ ᠸᠸᠢ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠱᠠᠩᠨᠠᠯ ᠢ ᠬᠦᠷᠲᠡᠪᠡ

2017-10-29 12:22

    ᠰᠢᠨᠬᠤᠧᠠ ᠬᠤᠷᠢᠶ᠎ᠠ   ᠫᠠᠷᠢᠰ ᠤᠨ 10 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠵᠠᠩ ᠰᠢᠤᠧᠠᠢ ᠹᠧᠢ) 27 ᠤ ᠡᠲᠦᠷ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠡᠴᠡ ᠠᠩᠬ᠎ᠠ ᠤᠲᠠᠭ᠎ᠠ 《ᠤᠭᠲᠠᠷᠭᠤᠢ ᠶᠢᠨ ᠰᠢᠨᠵᠢᠯᠡᠬᠦ ᠤᠬᠠᠭᠠᠨ ᠤ ᠱᠠᠩᠨᠠᠯ》 ᠢ᠋ ᠰᠤᠩᠭ᠋ᠤᠨ ᠰᠢᠯᠭᠠᠷᠠᠭᠤᠯᠵᠤ᠂ ᠲᠤᠮᠲᠠᠲᠤ ᠤᠯᠤᠰ ᠤᠨ ᠰᠠᠨᠰᠠᠷᠴᠢᠨ ᠶᠠᠩ ᠯᠢ ᠸᠸᠢ ᠶᠢ ᠪᠠᠭᠲᠠᠭᠠᠭᠰᠠᠨ 4 ᠰᠠᠨᠰᠠᠷᠴᠢᠨ ᠢ ᠱᠠᠩᠨᠠᠨ᠂ ᠲᠡᠲᠡᠨᠦᠰ ᠤᠨ ᠰᠠᠨᠰᠠᠷ ᠤᠭᠲᠠᠷᠭᠤᠢ ᠶᠢᠨ ᠬᠦᠭ᠍ᠵᠢᠯᠲᠠ ᠳ᠋ᠤ ᠤᠶᠢᠭ᠎ᠠ ᠦᠭᠡᠢ ᠬᠦᠴᠦᠨ ᠵᠢᠳᠬᠦᠯ ᠭᠠᠷᠭᠠᠭᠰᠠᠨ ᠢ ᠬᠦᠬᠢᠬᠦᠯᠦᠭᠰᠡᠨ ᠶᠤᠮ᠃

    ᠶᠠᠩ ᠯᠢ ᠸᠸᠢ ᠠᠵᠢᠯ ᠤᠨ ᠬᠠᠷᠠᠭ᠎ᠠ ᠡᠴᠡ ᠪᠤᠯᠵᠤ ᠲᠤᠬᠠᠢ ᠶᠢᠨ ᠲᠠᠯᠠᠪᠤᠷ  ᠲᠤ ᠬᠦᠷᠴᠦ ᠱᠠᠩᠨᠠᠯ ᠶᠢᠡᠨ ᠲᠤᠰᠴᠤ ᠴᠢᠲᠠᠭᠰᠠᠨ ᠦᠭᠡᠢ᠂ ᠲᠤᠮᠲᠠᠲᠤ ᠤᠯᠤᠰ ᠡᠴᠡ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠳ᠋ᠤ ᠪᠠᠶᠢᠩᠭ᠋ᠤ ᠰᠠᠭᠤᠭ᠎ᠠ ᠡᠯᠴᠢᠨ ᠱᠧᠨ ᠶᠠᠩ ᠡᠴᠡ ᠲᠡᠭᠦᠨ ᠢ ᠲᠦᠯᠦᠭᠡᠯᠡᠨ ᠱᠠᠩᠨᠠᠯ ᠢ ᠲᠤᠰᠴᠤ ᠠᠪᠤᠭᠰᠠᠨ ᠪᠦᠭᠡᠳ ᠦᠭᠡ ᠶᠠᠷᠢᠪᠠ᠃

    ᠶᠠᠩ ᠯᠢ ᠸᠸᠢ ᠢᠯᠡᠷᠬᠡᠶᠢᠯᠡᠬᠦ ᠳ᠋ᠡᠭᠡᠨ᠂ 2003 ᠤᠨ ᠤ 10 ᠰᠠᠷ᠎ᠠ ᠳ᠋ᠤ ᠲᠤᠮᠲᠠᠲᠤ ᠤᠯᠤᠰ ᠤᠨ ᠬᠠᠮᠤᠭ ᠤᠨ ᠠᠩᠬᠠᠨ ᠤ ᠬᠦᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠠᠮᠵᠢᠯᠲᠠ ᠲᠠᠢ ᠪᠤᠯᠵᠤ ᠦᠩᠭᠡᠷᠡᠪᠡ᠂ ᠲᠤᠮᠲᠠᠲᠤ ᠤᠯᠤᠰ ᠤᠨ ᠬᠦᠮᠦᠨ ᠰᠠᠭᠤᠯᠭᠠᠭᠰᠠᠨ ᠰᠠᠨᠰᠠᠷ ᠤᠨ ᠦᠢᠯᠡᠰ ᠤᠨ ᠰᠢᠨ᠎ᠡ ᠪᠠᠶᠢᠲᠠᠯ ᠢ ᠪᠤᠢ ᠪᠤᠯᠭᠠᠭᠰᠠᠨ ᠶᠢᠡᠷ ᠪᠠᠷᠠᠬᠤ ᠦᠭᠡᠢ ᠬᠦᠮᠦᠨ ᠲᠦᠷᠦᠯᠬᠢᠲᠡᠨ ᠤ ᠲᠡᠯᠡᠬᠡᠢ ᠶᠢᠷᠲᠢᠨᠴᠦ ᠶᠢ ᠲᠠᠨᠢᠨ ᠮᠡᠲᠡᠬᠦ ᠳ᠋ᠤ ᠢᠲᠡᠪᠬᠢ ᠬᠤᠪᠢ ᠨᠡᠮᠡᠷᠢ ᠦᠵᠡᠬᠦᠯᠪᠠ᠃ ᠲᠤᠰ ᠡᠭᠡᠯᠵᠢ ᠶᠢᠨ ᠨᠢᠰᠦᠯᠲᠡ ᠶᠢᠨ ᠡᠭᠦᠷᠭᠡ ᠪᠡᠷ ᠲᠤᠮᠲᠠᠲᠤ ᠤᠯᠤᠰ ᠤᠨ ᠵᠠᠰᠠᠭ ᠤᠨ ᠭᠠᠵᠠᠷ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠲᠠᠢ ᠬᠠᠮᠲᠤᠷᠠᠵᠤ᠂ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠲᠤᠭ ᠢ ᠠᠪᠴᠤ ᠰᠠᠨᠰᠠᠷ ᠲᠤ ᠭᠠᠷᠤᠭᠰᠠᠨ ᠨᠢ ᠲᠤᠮᠲᠠᠲᠤ ᠤᠯᠤᠰ ᠤᠨ ᠠᠷᠠᠳ ᠲᠦᠮᠡᠨ ᠡᠶ᠎ᠡ ᠨᠠᠶᠢᠷᠠᠮᠲᠠᠯ ᠲᠠᠢ ᠪᠡᠷ ᠰᠠᠨᠰᠠᠷ ᠤᠭᠲᠠᠷᠭᠤᠢ ᠶᠢ ᠠᠰᠢᠭᠯᠠᠵᠤ᠂ ᠪᠦᠬᠦᠶᠢᠯᠡ ᠬᠦᠮᠦᠨ ᠲᠦᠷᠦᠯᠬᠢᠲᠡᠨ ᠳ᠋ᠤ ᠪᠤᠶᠠᠨ ᠦᠢᠯᠡᠳᠬᠦ ᠰᠠᠶᠢᠨ ᠰᠠᠶᠢᠬᠠᠨ ᠬᠦᠰᠡᠯ ᠮᠦᠷᠦᠭᠡᠲᠦᠯ ᠢ ᠢᠯᠡᠷᠡᠬᠦᠯᠦᠭᠰᠡᠨ ᠶᠢᠡᠷ ᠦᠯᠦ ᠪᠠᠷᠠᠮ᠂ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠵᠤᠷᠢᠯᠲᠠ ᠪᠠ ᠵᠠᠷᠴᠢᠮ ᠢ ᠲᠡᠮᠵᠢᠵᠦ ᠪᠠᠶᠢᠬᠤ ᠪᠠᠨ ᠢᠯᠡᠷᠬᠡᠶᠢᠯᠡᠪᠡ᠃ ᠢᠷᠡᠭᠡᠲᠦᠢ ᠳ᠋ᠤ ᠲᠤᠮᠲᠠᠲᠤ ᠤᠯᠤᠰ ᠲᠡᠯᠡᠬᠡᠢ ᠶᠢᠨ ᠡᠶ᠎ᠡ ᠨᠠᠶᠢᠷᠠᠮᠲᠠᠯ ᠲᠠᠢ ᠪᠡᠷ ᠰᠠᠨᠰᠠᠷ ᠤᠭᠲᠠᠷᠭᠤᠢ ᠶᠢ ᠬᠠᠶᠢᠨ ᠰᠢᠨᠵᠢᠯᠡᠵᠦ ᠠᠰᠢᠭᠯᠠᠬᠤ ᠤᠯᠤᠰ ᠪᠠ ᠭᠠᠵᠠᠷ ᠤᠷᠤᠨ ᠯᠤᠭ᠎ᠠ ᠬᠦᠮᠦᠨ ᠲᠦᠷᠦᠯᠬᠢᠲᠡᠨ ᠤ ᠰᠢᠨᠵᠢᠯᠡᠬᠦ ᠤᠬᠠᠭᠠᠨ ᠲᠸᠭ᠍ᠨᠤᠯᠤᠬᠢ ᠶᠢᠨ ᠲᠠᠪᠰᠢᠯᠲᠠ᠂ ᠲᠡᠯᠡᠬᠡᠢ ᠶᠢᠨ ᠡᠩᠬᠡ ᠲᠠᠶᠢᠪᠤᠩ ᠬᠦᠭ᠍ᠵᠢᠯᠲᠡ ᠳ᠋ᠤ ᠨᠡᠩ ᠶᠡᠬᠡ ᠬᠦᠴᠦᠨ ᠨᠡᠮᠡᠷᠢ ᠤᠷᠤᠭᠤᠯᠬᠤ ᠪᠤᠯᠤᠨ᠎ᠠ ᠭᠡᠵᠡᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121872598