蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠲᠤ ᠬᠡᠬᠡᠷ᠎ᠡ ᠶᠢᠨ ᠴᠠᠭᠠᠨ ᠳᠤᠷᠤᠭ ᠪᠤᠭᠤ ᠠᠩᠬ᠎ᠠ ᠢᠯᠡᠷᠡᠵᠡᠢ

2017-10-30 09:55

    ᠤᠶᠢᠷ᠎ᠠ ᠶᠢᠨ ᠡᠳᠦᠷ᠂ ᠬᠦᠬᠡᠨᠠᠭᠤᠷ ᠤᠨ ᠢᠤᠢ ᠱᠦ ᠶᠢᠨ ᠳᠦᠪᠡᠳ ᠦᠨᠳᠦᠰᠦᠳᠡᠨ ᠤ ᠦᠪᠡᠷᠳᠡᠬᠡᠨ ᠵᠠᠰᠠᠬᠤ ᠵᠧᠤ ᠶᠢᠨ ᠨᠠᠩᠴᠢᠶᠠᠨ ᠰᠢᠶᠠᠨ ᠤ ᠵᠠᠰᠠᠭ ᠤᠨ ᠤᠷᠳᠤᠨ ᠮᠡᠳᠡᠬᠡ ᠨᠡᠶᠢᠳᠡᠯᠡᠵᠤ᠂ ᠳᠤᠰ ᠰᠢᠶᠠᠨ ᠤ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯᠳᠠᠨ ᠠᠭᠤᠯᠠ ᠴᠠᠭᠳᠠᠬᠤ ᠵᠠᠮ ᠳ᠋ᠠᠭᠠᠨ 4 ᠴᠠᠭᠠᠨ ᠲᠤᠷᠤᠭ ᠪᠤᠭᠤ ᠤᠯᠵᠤ ᠬᠠᠷᠠᠭᠰᠠᠨ ᠮᠦᠷᠳᠡᠬᠡᠨ ᠵᠢᠷᠤᠭᠯᠠᠵᠤ ᠠᠪᠤᠭᠰᠠᠨ᠂ ᠡᠨᠡ ᠨᠢ ᠳᠤᠬᠠᠢ ᠶᠢᠨ ᠤᠷᠤᠨ ᠳᠤ ᠮᠠᠰᠢ ᠬᠤᠪᠤᠷ ᠳᠤᠬᠢᠶᠠᠯᠳᠤᠳᠠᠭ᠂ ᠤᠷᠤᠭ ᠰᠠᠭᠠᠷᠠᠯ ᠲᠤᠷᠤᠭ ᠪᠤᠭᠤ ᠨᠤᠭᠤᠳ ᠤᠨ ᠳᠤᠮᠳᠠ ᠴᠦᠬᠡᠨ ᠬᠡᠳᠦᠨ ᠴᠠᠭᠠᠨ ᠳᠤᠷᠤᠭ ᠪᠤᠭᠤ ᠮᠠᠰᠢ ᠢᠯᠡ ᠬᠠᠷᠠᠭᠳᠠᠵᠤ ᠪᠠᠶᠢᠭᠰᠠᠨ ᠬᠡᠵᠡᠢ᠃

    ᠬᠡᠬᠡᠷ᠎ᠡ ᠶᠢᠨ ᠠᠮᠢᠳᠠᠳ ᠤᠨ ᠰᠤᠳᠤᠯᠭᠠᠨ ᠤ ᠮᠡᠷᠬᠡᠵᠢᠯᠳᠡᠳ ᠤᠨ ᠦᠵᠡᠬᠦ ᠪᠡᠷ᠂ ᠴᠠᠭᠠᠨ ᠵᠢᠰᠦᠮ ᠤᠨ ᠬᠡᠬᠡᠷ᠎ᠡ ᠶᠢᠨ ᠠᠮᠢᠳᠠᠨ ᠮᠠᠰᠢ ᠬᠤᠪᠤᠷ ᠪᠠᠶᠢᠳᠠᠭ ᠨᠢ ᠬᠧᠨ ᠤ ᠬᠤᠪᠢᠷᠠᠯᠳᠠ ᠶᠢᠨ ᠱᠠᠭᠠᠷᠳᠠᠯᠭ᠎ᠠ ᠡᠴᠡ ᠡᠬᠦᠰᠬᠦ ᠪᠤᠯᠤᠯᠴᠠᠭ᠎ᠠ ᠲᠠᠢ᠂ ᠡᠰᠡᠪᠡᠯ ᠠᠮᠢ ᠬᠠᠮᠠᠭᠠᠯᠠᠬᠤ ᠦᠩᠬᠡ ᠪᠡᠨ ᠠᠯᠳᠠᠵᠤ ᠪᠠᠶᠢᠭ᠎ᠠ ᠶᠢᠨ ᠢᠯᠡᠷᠡᠯ᠂ ᠡᠬᠦᠨ ᠤ ᠤᠯᠠᠮ ᠡᠴᠡ ᠤᠰᠠᠳᠬᠤ ᠠᠶᠤᠯ ᠲᠠᠢ ᠬᠡᠵᠡᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121876086