蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠩᠬᠠᠳᠠᠭᠴᠢ ᠬᠤᠭᠤᠴᠠᠭᠠᠨ ᠤ ᠰᠢᠨ᠎ᠠ ᠶᠢ ᠡᠭᠦᠳᠬᠦ ᠠᠷᠭ᠎ᠠ ᠶᠢ ᠳᠡᠯᠭᠡᠷᠡᠭᠦᠯᠬᠦ ᠬᠡᠷᠡᠭᠯᠡᠭᠡᠨ ᠤ ᠤᠷᠤᠯᠳᠤᠭᠠᠨ ᠦᠨᠳᠦᠷᠯᠡᠪᠠ

2017-11-01 12:30

    10 ᠰᠠᠷ᠎ᠠ ᠶᠢᠨ 31 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠌᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠡᠴᠡ ᠬᠠᠮᠲᠤᠷᠠᠨ ᠰᠠᠨᠠᠭᠠᠴᠢᠯᠠᠭᠰᠠᠨ ᠤᠷᠤᠨ ᠳᠠᠶᠠᠭᠠᠷ ᠤᠨ ᠠᠩᠬᠠᠳᠠᠭᠴᠢ ᠬᠤᠭᠤᠴᠠᠭᠠᠨ ᠤ ᠰᠢᠨ᠎ᠠ ᠶᠢ ᠡᠭᠦᠳᠬᠦ ᠠᠷᠭ᠎ᠠ ᠶᠢ ᠳᠡᠯᠭᠡᠷᠡᠭᠦᠯᠬᠦ ᠬᠡᠷᠡᠭᠯᠡᠭᠡᠨ ᠤ ᠤᠷᠤᠯᠳᠤᠭᠠᠨ ᠵᠢᠴᠢ ᠬᠤᠶᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠠᠵᠤ ᠠᠬᠤᠶᠢᠯᠠᠯ ᠤᠨ ᠰᠢᠨ᠎ᠠ ᠶᠢ ᠡᠭᠦᠳᠬᠦ ᠠᠷᠭ᠎ᠠ ᠶᠢᠨ ᠤᠷᠤᠯᠳᠤᠭᠠᠨ ᠤ ᠦᠪᠦᠷ ᠮᠣᠩᠭᠣᠯ ᠳ᠋ᠡᠬᠢ ᠰᠢᠶ᠋ᠳᠪᠦᠷᠢᠲᠤ ᠤᠷᠤᠯᠳᠤᠭᠠᠨ ᠦᠨᠳᠦᠷᠯᠡᠪᠠ᠃

    ᠬᠠᠭᠠᠯᠲᠠ ᠶᠢᠨ ᠶᠤᠰᠤᠯᠠᠯ ᠳᠡᠭᠡᠷ᠎ᠠ᠂ ᠠᠵᠤ ᠠᠬᠤᠶᠢᠯᠠᠯ ᠤᠨ ᠪᠠᠭ ᠤᠨ ᠠᠯᠲᠠ᠂ ᠮᠦᠩᠬᠦ᠂ ᠬᠦᠷᠠᠯ ᠮᠸᠳᠠᠯ᠂ ᠶᠡᠬᠡ ᠲᠡᠭᠡᠲᠤ ᠰᠤᠷᠭᠠᠭᠤᠯᠢ ᠶᠢᠨ ᠪᠠᠭ ᠤᠨ ᠨᠢᠭᠡ ᠬᠤᠶᠠᠷ ᠭᠤᠷᠪᠠᠳᠤᠭᠠᠷ ᠨᠡᠷᠡᠰ ᠤᠨ ᠱᠠᠩᠨᠠᠯ ᠪᠤᠯᠤᠨ ᠤᠨᠴᠠ ᠲᠤᠬᠢᠷᠠᠭᠤᠯᠤᠭᠰᠠᠨ ᠰᠢᠯᠢᠳᠡᠭ ᠵᠢᠯᠤᠭᠤᠳᠤᠬᠰᠠᠨ ᠪᠠᠭᠰᠢ ᠶᠢᠨ ᠱᠠᠩᠨᠠᠯ᠂ ᠰᠢᠯᠢᠳᠡᠭ ᠵᠤᠬᠢᠶᠠᠨ ᠪᠠᠶᠢᠭᠤᠯᠤᠬᠰᠠᠨ ᠱᠠᠩᠨᠠᠯ ᠪᠤᠯᠤᠨ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠱᠠᠩᠨᠠᠯ ᠢ ᠭᠠᠷᠳᠠᠭᠤᠯᠪᠠ᠃ ᠠᠵᠤ ᠠᠬᠤᠶᠢᠯᠠᠯ ᠤᠨ ᠪᠠᠭ ᠤᠨ ᠠᠯᠲᠠ᠂ ᠮᠦᠩᠭᠦ᠂ ᠬᠦᠷᠡᠯ ᠮᠸᠳᠠᠯ ᠭᠠᠷᠳᠠᠭᠰᠠᠨ ᠪᠠ ᠨᠢᠭᠡᠳᠦᠭᠡᠷ ᠨᠡᠷᠡᠰ ᠲᠤ ᠲᠤᠳᠤᠷᠠᠭᠰᠠᠨ 13 ᠲᠦᠯᠦᠭᠡᠯᠡᠬᠦ ᠪᠠᠭ ᠤᠨ ᠬᠢᠨ ᠦᠪᠦᠷ ᠮᠣᠩᠭᠣᠯ ᠢ ᠲᠦᠯᠦᠭᠡᠯᠡᠨ 12 ᠰᠠᠷ᠎ᠠ ᠳᠤ ᠲᠢᠶᠠᠨᠵᠢᠨ ᠬᠤᠲᠠ ᠳᠤ ᠶᠠᠪᠤᠭᠳᠠᠬᠤ ᠬᠤᠶᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠠᠵᠤ ᠠᠬᠤᠶᠢᠯᠠᠯ ᠤᠨ ᠰᠢᠨ᠎ᠠ ᠶᠢ ᠡᠭᠦᠳᠬᠦ ᠠᠷᠭ᠎᠎ᠠ ᠶᠢᠨ ᠤᠷᠤᠯᠳᠤᠭᠠᠨ ᠤ ᠰᠢᠶ᠋ᠳᠪᠦᠷᠢᠲᠤ ᠤᠷᠤᠯᠳᠤᠭᠠᠨ ᠳᠤ ᠤᠷᠤᠯᠴᠠᠬᠤ ᠶᠤᠮ ᠪᠠᠶᠢᠨ᠎ᠠ᠃

    ᠤᠷᠤᠯᠳᠤᠭᠠᠨ 9 ᠰᠠᠷ᠎ᠠ ᠶᠢᠨ 12 ᠤ᠋ᠨ ᠡᠳᠦᠷ  ᠡᠬᠢᠯᠡᠭᠰᠡᠨ ᠡᠴᠡ ᠨᠠᠰᠢ 65 ᠠᠵᠤ ᠠᠬᠤᠶᠢᠯᠠᠯ᠂ 8 ᠶᠡᠬᠡ ᠲᠡᠭᠡᠲᠤ ᠰᠤᠷᠭᠠᠭᠤᠯᠢ ᠪᠤᠯᠤᠨ 17 ᠪᠠᠭ ᠤᠨ ᠬᠢᠨ ᠤᠷᠤᠯᠳᠤᠭᠠᠨ ᠳᠤ ᠤᠷᠤᠯᠴᠠᠵᠤ᠂ ᠤᠷᠤᠯᠳᠤᠭᠠᠨ ᠡᠴᠡ ᠡᠮᠦᠨᠡᠬᠢ ᠪᠤᠯᠪᠠᠰᠤᠷᠠᠯ᠂ ᠤᠨᠤᠯ ᠤᠨ ᠰᠤᠷᠢᠯᠲᠠ᠂ ᠲᠦᠰᠦᠯ ᠤᠨ ᠵᠢᠯᠤᠭᠤᠳᠤᠯᠭ᠎ᠠ᠂ ᠠᠩᠬᠠᠨ ᠤ ᠦᠨᠡᠯᠡᠭᠡ ᠵᠡᠷᠭᠡ ᠶᠠᠪᠤᠴᠠ ᠶᠢ ᠦᠩᠭᠡᠷᠡᠭᠡᠵᠤ 28 ᠠᠵᠤ ᠠᠬᠤᠶᠢᠯᠠᠯ ᠪᠤᠯᠤᠨ 15 ᠶᠡᠬᠡ ᠲᠡᠬᠡᠲᠤ ᠰᠤᠷᠭᠠᠭᠤᠯᠢ ᠶᠢᠨ ᠤᠷᠤᠯᠳᠤᠭᠠᠨ ᠤ ᠲᠦᠰᠦᠯ ᠰᠢᠶ᠋ᠳᠪᠦᠷᠢᠲᠤ ᠤᠷᠤᠯᠳᠤᠭᠠᠨ ᠳᠤ ᠤᠷᠤᠭᠰᠠᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121889684