蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ 2020 ᠤᠨ ᠪᠤᠯᠬᠤ ᠳᠤ ᠤᠷᠤᠨ ᠳᠠᠶᠠᠭᠠᠷ ᠤᠨ ᠴᠢᠬᠢᠭ᠍ᠯᠢᠭ᠌ ᠪᠦᠰᠡ ᠶᠢᠨ ᠲᠠᠯᠠᠪᠠᠢ 9000 ᠲᠦᠮᠡᠨ ᠮᠤ ᠶᠢ ᠳᠠᠪᠠᠨ᠎ᠠ

2017-11-07 17:12

    《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠢᠬᠢᠭ᠍ᠯᠢᠭ᠌ ᠪᠦᠰᠡ ᠶᠢ ᠬᠠᠮᠠᠭᠠᠯᠠᠨ ᠰᠡᠷᠭᠦᠭᠡᠬᠦ ᠳᠦᠷᠢᠮ ᠢ ᠬᠡᠷᠡᠭᠵᠢᠭᠦᠯᠬᠦ ᠲᠦᠰᠦᠯ》ᠲᠦᠷᠦᠭᠦᠬᠡᠨ ᠨᠡᠶᠢᠲᠡᠯᠡᠭᠳᠡᠵᠤ᠂ ᠤᠷᠤᠨ ᠳᠠᠶᠠᠭᠠᠷ ᠤᠨ ᠴᠢᠬᠢᠭ᠍ᠯᠢᠭ᠌ ᠪᠦᠰᠡ ᠶᠢᠨ ᠡᠬᠢ ᠰᠤᠷᠪᠤᠯᠵᠢ ᠳᠤ ᠶᠡᠷᠦᠩᠬᠡᠢ ᠬᠡᠪᠴᠢᠶ᠎ᠡ ᠪᠡᠷ ᠨᠢ ᠬᠠᠮᠢᠶᠠᠷᠤᠨ ᠡᠵᠡᠮᠳᠡᠬᠦ ᠶᠢ ᠳᠤᠷᠠᠳᠴᠤ᠂ ᠪᠦᠬᠦ ᠲᠠᠯ᠎ᠠ ᠪᠡᠷ ᠬᠠᠮᠠᠭᠠᠯᠠᠬᠤ ᠪᠡᠷ ᠪᠤᠢ᠃ 2020 ᠤᠨ ᠪᠤᠯᠬᠤ ᠳᠤ᠂ ᠤᠷᠤᠨ ᠳᠠᠶᠠᠭᠠᠷ ᠤᠨ ᠴᠢᠬᠢᠭ᠍ᠯᠢᠭ᠌ ᠪᠦᠰᠡ ᠶᠢᠨ ᠲᠠᠯᠠᠪᠠᠢ 9000 ᠲᠦᠮᠡᠨ ᠮᠦ ᠶᠢ ᠳᠠᠪᠠᠵᠤ᠂ ᠡᠭᠦᠨ ᠳᠤ ᠪᠠᠶᠢᠭᠠᠯᠢᠯᠢᠬ ᠴᠢᠬᠢᠭ᠍ᠯᠢᠭ᠌ ᠪᠦᠰᠡ ᠶᠢᠨ ᠲᠠᠯᠠᠪᠠᠢ 8818 ᠲᠦᠮᠡᠨ ᠮᠦ ᠶᠢ ᠳᠠᠪᠠᠨ᠂ ᠴᠢᠬᠢᠭ᠍ᠯᠢᠭ᠌ ᠪᠦᠰᠡ ᠶᠢ ᠬᠠᠮᠠᠭᠠᠯᠠᠬᠤ ᠨᠤᠷᠮ᠎ᠠ ᠶᠢ 28.5% ᠪᠠᠶᠢᠭᠰᠠᠨ ᠡᠴᠡ ᠨᠢ 35% ᠪᠤᠯᠭᠠᠨ᠎ᠠ᠃

    《ᠲᠦᠰᠦᠯ》 ᠳ᠋ᠤ ᠠᠳᠠᠯᠢ ᠪᠤᠰᠤ ᠲᠦᠷᠦᠯ ᠤᠨ ᠴᠢᠬᠢᠭ᠍ᠯᠢᠭ᠌ ᠪᠦᠰᠡ ᠶᠢᠨ ᠬᠡᠷᠡᠭ ᠤᠨ ᠡᠷᠬᠡ ᠶᠢ ᠬᠤᠪᠢᠶᠠᠷᠢᠯᠠᠬᠤ ᠶᠢ ᠲᠤᠳᠤᠷᠬᠠᠶᠢᠯᠠᠵᠤ᠂ ᠡᠯ᠎ᠠ ᠱᠠᠳᠤᠨ ᠤ ᠰᠠᠩᠬᠦᠦ ᠡᠳ᠋ ᠤᠨ ᠵᠠᠰᠠᠬ ᠤᠨ ᠵᠠᠷᠤᠯᠭ᠎ᠠ ᠶᠢᠨ ᠬᠠᠷᠢᠭᠤᠴᠠᠯᠭ᠎ᠠ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠤᠳᠤᠷᠬᠠᠶᠢᠯᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠳᠤ ᠤᠷᠤᠭᠰᠠᠨ ᠴᠢᠬᠢᠭ᠍ᠯᠢᠭ᠌ ᠪᠦᠰᠡ ᠶᠢ ᠨᠡᠭᠡᠭᠡᠨ ᠠᠰᠢᠭᠯᠠᠬᠤ ᠶᠢ ᠬᠤᠷᠢᠭᠯᠠᠵᠤ᠂ ᠭᠤᠤᠯ ᠴᠤᠭᠴᠠᠲᠤ ᠴᠢᠳᠠᠮᠵᠢ ᠶᠢᠨ ᠪᠠᠶᠢᠷᠢ ᠲᠤᠭᠲᠠᠭᠠᠯᠲᠠ ᠳᠤ ᠨᠡᠶᠢᠴᠡᠬᠦ ᠦᠭᠡᠢ ᠡᠯ᠎ᠠ ᠲᠦᠷᠦᠯ ᠤᠨ ᠨᠡᠭᠡᠭᠡᠯᠲᠠ ᠶᠢᠨ ᠠᠵᠢᠯᠯᠠᠭ᠎ᠠ ᠶᠢ ᠬᠤᠷᠢᠭᠯᠠᠬᠤ ᠬᠡᠷᠡᠭᠲᠡᠢ᠃ ᠴᠢᠬᠢᠭ᠍ᠯᠢᠭ᠌ ᠪᠦᠰᠡ ᠶᠢᠨ ᠡᠬᠢ ᠰᠤᠷᠪᠤᠯᠵᠢ ᠶᠢᠨ ᠦᠮᠴᠢᠯᠡᠬᠦ ᠡᠷᠬᠡ ᠶᠢᠨ ᠳᠦᠷᠢᠮ ᠲᠤᠭᠲᠠᠭᠠᠯ ᠢ ᠪᠤᠢ ᠪᠤᠯᠭᠠᠵᠤ᠂ ᠴᠢᠬᠢᠭ᠍ᠯᠢᠭ᠌ ᠪᠦᠰᠡ ᠶᠢᠨ ᠦᠮᠴᠢᠯᠡᠬᠦ ᠡᠷᠬᠡ ᠶᠢ ᠪᠠᠶᠢᠭᠠᠯᠢ ᠶᠢᠨ ᠡᠬᠢ ᠰᠤᠷᠪᠤᠯᠵᠢ ᠶᠢᠨ ᠦᠮᠴᠢᠯᠡᠯ ᠤᠨ ᠡᠷᠬᠡ ᠳᠤ ᠨᠢᠭᠡᠳᠦᠯᠲᠠᠢ ᠪᠦᠷᠢᠳᠭᠡᠭᠦᠯᠵᠤ᠂ ᠦᠮᠴᠢᠯᠡᠬᠦ ᠡᠷᠬᠡ ᠪᠤᠯᠤᠨ ᠬᠡᠷᠡᠭᠯᠡᠬᠦ ᠡᠷᠬᠡ ᠶᠢ ᠲᠤᠳᠤᠷᠬᠠᠶᠢᠯᠠᠬᠤ ᠬᠡᠷᠡᠭᠲᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121918141