蒙古文网站Logo
ᠰᠢᠨᠬᠤᠸᠠ ᠮᠤᠩᠭ᠋ᠤᠯ ᠨᠧᠲ

《ᠬᠤᠤᠰ ᠠᠷᠪᠠᠨ ᠨᠢᠭᠡᠨ》 ᠤ ᠬᠤᠭᠤᠴᠠᠭᠠᠨ ᠳᠤ ᠪᠡᠭᠡᠵᠢᠩ ᠤᠨ ᠰᠢᠤᠳᠠᠨ ᠪᠤᠤᠬᠢᠶ᠎ᠠ ᠦᠢᠯᠡᠴᠢᠯᠡᠭᠡ 1.41 ᠳ᠋ᠦᠩᠰᠢᠭᠤᠷ ᠰᠢᠷᠬᠡᠭ᠌ ᠵᠦᠭᠡᠭᠡᠪᠦᠷᠢᠯᠡᠨ᠎ᠠ

2017-11-12 13:11

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 11 ᠤ ᠡᠳᠦᠷ ᠤᠨ ᠴᠠᠬᠢᠯᠭᠠᠨ ᠮᠡᠳᠡᠬᠡ(ᠰᠤᠷᠪᠤᠯᠵᠢᠯᠠᠭᠴᠢ ᠭᠦᠸᠸ ᠢᠦᠢ ᠵᠢᠩ᠂ ᠨᠠᠷᠠ) ᠰᠤᠷᠪᠤᠯᠵᠢᠯᠠᠭᠴᠢ 11 ᠤ ᠡᠳᠦᠷ ᠪᠡᠭᠡᠵᠢᠩ ᠤᠨ ᠰᠢᠤᠳᠠᠨ ᠤ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠤᠯᠠᠨ ᠴᠠᠬᠢᠮ ᠬᠤᠳᠠᠯᠳᠤᠭ᠎ᠠ ᠲᠦᠪᠯᠡᠷᠡᠨ《ᠬᠤᠤᠰ ᠠᠷᠪᠠᠨ ᠨᠢᠭᠡᠨ》 ᠤ ᠰᠤᠷᠲᠠᠯᠴᠢᠯᠠᠬᠤ ᠬᠤᠳᠠᠯᠳᠤᠭ᠎ᠠ ᠵᠤᠬᠢᠶᠠᠨ ᠪᠠᠶᠢᠭᠤᠯᠤᠭᠰᠠᠨ ᠢᠶᠡᠷ ᠪᠡᠭᠡᠵᠢᠩ ᠬᠤᠲᠠ ᠶᠢᠨ ᠪᠤᠤᠬᠢᠶ᠎ᠠ ᠦᠢᠯᠡᠴᠢᠯᠡᠭᠡᠨ ᠤ ᠠᠵᠢᠯ ᠤᠶᠢᠷ᠎ᠠ ᠶᠢᠨ ᠬᠤᠭᠤᠴᠠᠭᠠᠨ ᠳᠤ ᠶᠠᠭᠠᠷᠠᠤ ᠪᠤᠯᠤᠯ᠎ᠠ᠃ ᠠᠩᠬ᠎ᠠ ᠠᠯᠬᠤᠮ ᠤᠷᠢᠳᠴᠢᠯᠠᠨ ᠲᠤᠭᠠᠴᠠᠭᠠᠯᠠᠭᠰᠠᠨ ᠢᠶᠡᠷ᠂ 《ᠬᠤᠤᠰ ᠠᠷᠪᠠᠨ ᠨᠢᠭᠡᠨ》 ᠤ ᠬᠤᠭᠤᠴᠠᠭᠠᠨ ᠳᠤ (11 ᠰᠠᠷ᠎ᠠ ᠶᠢᠨ 11 ᠡᠴᠡ 16 ᠤ ᠡᠳᠦᠷ ᠪᠤᠯᠲᠠᠯ᠎ᠠ) ᠪᠡᠭᠡᠵᠢᠩ ᠤᠨ ᠰᠢᠤᠳᠠᠨ ᠤ ᠦᠢᠯᠡᠰ ᠤᠨ ᠰᠢᠤᠳᠠᠨ ᠦᠢᠯᠡᠴᠢᠯᠡᠭᠡ ᠪᠤᠯᠤᠨ ᠪᠤᠤᠬᠢᠶ᠎ᠠ ᠦᠢᠯᠡᠴᠢᠯᠡᠭᠡ ᠨᠡᠶᠢᠲᠡ 1.41 ᠳ᠋ᠦᠩᠰᠢᠭᠤᠷ ᠲᠠᠸᠠᠷ ᠵᠦᠭᠡᠭᠡᠪᠦᠷᠢᠯᠡᠨ᠎ᠠ᠂ ᠡᠨᠡ ᠨᠢ ᠦᠩᠭᠡᠷᠡᠭᠰᠡᠨ ᠤᠨ ᠤ ᠮᠦᠨ ᠦᠶ᠎ᠠ ᠡᠴᠡ 35% ᠪᠡᠷ ᠨᠡᠮᠡᠭᠳᠡᠵᠤ᠂ ᠡᠳᠦᠷ ᠲᠤ ᠳᠤᠮᠳᠠᠴᠢ ᠪᠡᠷ 2035 ᠲᠦᠮᠡᠨ ᠰᠢᠷᠬᠡᠭ᠌ ᠲᠠᠸᠠᠷ ᠵᠦᠭᠡᠭᠡᠪᠦᠷᠢᠯᠡᠵᠤ ᠤᠷᠬᠢᠯ ᠤᠨ ᠬᠤᠭᠤᠴᠠᠭᠠᠨ ᠳᠤ 2500 ᠲᠦᠮᠡ ᠳᠤ ᠬᠦᠷᠦᠨ᠎ᠠ᠂ ᠡᠨᠡᠬᠦ ᠬᠤᠭᠤᠴᠠᠭᠠᠨ ᠳᠤ ᠡᠩ ᠤᠨ ᠡᠳᠦᠷ ᠤᠨ ᠬᠢ ᠡᠴᠡ 4 ᠳᠡᠬᠢᠨ ᠠᠵᠢᠯ ᠬᠦᠢᠴᠡᠳᠭᠡᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121942661