蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠪᠡᠶ᠎ᠡ ᠶᠢᠨ ᠳᠠᠮᠢᠷ ᠤᠨ ᠲᠤᠪᠴᠢᠶ᠎ᠠ ᠦᠪᠦᠷ ᠮᠣᠩᠭᠣᠯ ᠲᠠᠢ ᠬᠠᠮᠲᠤᠷᠠᠨ ᠬᠦᠯ ᠪᠦᠮᠪᠦᠭᠡ ᠶᠢᠨ ᠳᠠᠪᠲᠠᠬ ᠪᠠᠶᠢᠭᠤᠯᠬᠤ ᠪᠡᠷ ᠪᠤᠢ

2017-11-16 14:19

    11 ᠰᠠᠷ᠎ᠠ ᠶᠢᠨ 15 ᠤ ᠡᠳᠦᠷ᠂ ᠤᠯᠤᠰ ᠤᠨ ᠪᠡᠶ᠎ᠡ ᠶᠢᠨ ᠳᠠᠮᠢᠷ ᠤᠨ ᠲᠤᠪᠴᠢᠶ᠎ᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠲᠠᠢ ᠬᠠᠮᠲᠤᠷᠠᠨ ᠪᠡᠭᠡᠵᠢᠩ ᠬᠤᠲᠠᠨ᠎ᠠ ᠬᠦᠯ ᠪᠦᠮᠪᠦᠭᠡ ᠶᠢᠨ ᠳᠠᠪᠲᠠᠬ ᠪᠠᠶᠢᠭᠤᠯᠬᠤ ᠲᠤᠬᠠᠢ ᠲᠤᠶᠢᠮᠤ ᠬᠡᠯᠡᠯᠴᠡᠭᠡᠷ ᠬᠢᠪᠠ᠃

    ᠬᠡᠯᠡᠯᠴᠡᠭᠡᠷ ᠢ ᠦᠨᠳᠦᠰᠦᠯᠡᠪᠡᠯ᠂ ᠬᠦᠯ ᠪᠦᠮᠪᠦᠭᠡᠨ ᠤ ᠭᠤᠤᠯ ᠴᠤᠭᠴᠠ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠬᠢᠷᠭᠠᠨ ᠳᠤ ᠪᠠᠶᠢᠵᠤ᠂ ᠤᠯᠤᠰ ᠤᠨ ᠪᠡᠶ᠎ᠡ ᠶᠢᠨ ᠳᠠᠮᠢᠷ ᠤᠨ ᠲᠤᠪᠴᠢᠶ᠎ᠠ ᠪᠤᠯᠤᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠡᠴᠡ ᠬᠠᠮᠲᠤᠪᠠᠷ ᠬᠦᠯ ᠪᠦᠮᠪᠦᠭᠡᠨ ᠤ ᠲᠠᠪᠳᠠᠭ ᠢ ᠬᠦᠭ᠍ᠵᠢᠭᠦᠯᠬᠦ ᠤᠳᠤᠷᠢᠳᠬᠤ ᠪᠠᠭ ᠪᠠᠶᠢᠭᠤᠯᠤᠨ᠂ ᠬᠦᠯ ᠪᠦᠮᠪᠦᠭᠡᠨ ᠤ ᠳᠠᠪᠲᠠᠬ ᠤᠨ ᠠᠭᠤᠯᠭ᠎ᠠ ᠶᠢᠨ ᠬᠦᠮᠦᠷᠬᠡᠯᠡᠯᠳᠡ ᠪᠠ ᠳᠡᠮᠵᠢᠯᠭᠡ ᠶᠢᠨ ᠬᠦᠴᠦᠯᠡᠴᠡ ᠪᠡᠨ ᠴᠢᠩᠭ᠋ᠠᠳᠬᠠᠵᠤ᠂ ᠲᠤᠰ ᠳᠠᠪᠲᠠᠬ ᠤᠨ ᠫᠷᠦᠭᠷᠡᠮ ᠦᠢᠯᠡᠳᠬᠦ ᠲᠦᠪ ᠢ ᠪᠡᠭᠡᠵᠢᠩ ᠳᠤ ᠪᠠᠶᠢᠭᠤᠯᠬᠤ ᠶᠢᠨ ᠬᠠᠮᠲᠤ《ᠬᠦᠯ ᠪᠦᠮᠪᠦᠭᠡᠨ ᠤ ᠡᠭᠦᠯᠡᠨ ᠲᠦᠪ ᠦᠢᠯᠡᠳᠭᠡᠯ》 ᠢ᠋ ᠴᠤᠭᠴᠠᠯᠠᠵᠤ ᠬᠦᠯ ᠪᠦᠮᠪᠦᠭᠡᠨ ᠤ ᠳᠠᠪᠲᠠᠬ ᠪᠤᠯᠤᠨ ᠰᠫᠤᠷᠲ᠂ ᠰᠤᠶᠤᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠦᠭ᠍ᠵᠢᠬᠦ ᠶᠢ ᠠᠬᠢᠭᠤᠯᠤᠨ᠂ ᠬᠦᠯ ᠪᠦᠮᠪᠦᠭᠡᠨ ᠤ ᠳᠠᠪᠲᠠᠬ ᠤᠨ ᠠᠯᠪᠠᠨ ᠤ ᠭᠠᠵᠠᠷ ᠬᠢᠭᠡᠳ ᠪᠠᠭ ᠤᠨ ᠪᠠᠶᠢᠭᠤᠯᠤᠯᠲᠠ ᠶᠢᠨ ᠠᠵᠢᠯ ᠢ ᠲᠦᠷᠭᠡᠳᠭᠡᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121965520