蒙古文网站Logo
ᠰᠢᠨᠬᠤᠸᠠ ᠮᠤᠩᠭ᠋ᠤᠯ ᠨᠧᠲ

ᠰᠢᠨᠬᠤᠸᠠ ᠨᠸᠲ ᠤᠨ《ᠰᠢᠯᠭᠠᠯᠳᠠ ᠳᠤ ᠤᠷᠤᠬᠤ》 ᠬᠡᠮᠡᠬᠦ ᠪᠦᠲᠦᠭᠡᠯ ᠱᠠᠩᠨᠠᠯ ᠲᠤᠰᠪᠠ

2017-11-20 11:54

    ᠰᠢᠨᠬᠤᠸᠠ ᠨᠸᠲ   ᠬᠠᠩᠵᠸᠤ ᠶᠢᠨ 11 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ(ᠵᠢᠨ ᠵᠢᠶᠠ ᠰᠢᠦᠢ) 11 ᠰᠠᠷ᠎ᠠ ᠶᠢᠨ 18 ᠡᠴᠡ 19 ᠤ ᠡᠳᠦᠷ ᠪᠤᠯᠲᠠᠯ᠎ᠠ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠪᠢᠴᠢᠯ ᠺᠢᠨᠤ᠋ ᠶᠢᠨ ᠦᠵᠡᠰᠭᠦᠯᠡᠩ ᠬᠠᠩᠵᠸᠤ ᠶᠢᠨ ᠵᠢᠩ ᠱᠠᠨ ᠪᠢᠴᠢᠯ ᠺᠢᠨᠤ᠋ ᠶᠢᠨ ᠪᠠᠯᠭᠠᠰᠤᠨ ᠳᠤ ᠶᠠᠪᠤᠭᠳᠠᠪᠠ᠂ ᠰᠢᠨᠬᠤᠸᠠ ᠨᠸᠲ ᠤᠨ ᠳᠡᠪᠰᠢᠭᠦᠯᠦᠭᠰᠡᠨ ᠪᠢᠴᠢᠯ ᠸᠢᠳ᠋ᠢᠤ᠋ 《ᠰᠢᠯᠭᠠᠯᠳᠠ ᠳᠤ ᠤᠷᠤᠬᠤ - ᠨᠠᠮ ᠤᠨ ᠳᠦᠷᠢ ᠳᠦᠷᠬᠦ ᠶᠢ ᠳᠠᠬᠢᠨ ᠱᠤᠭᠤᠬᠤ ᠠᠭᠤᠤ ᠶᠡᠬᠡ ᠢᠨᠵᠸᠨ᠋ᠸᠷᠢᠩ》 ᠨᠢ 《2017 ᠳᠤᠮᠳᠠᠳᠤ ᠤᠯᠤᠰ ᠤᠨ ᠪᠢᠴᠢᠯ ᠺᠢᠨᠤ᠋ ᠶᠢᠨ ᠠᠷᠪᠠᠨ ᠶᠡᠬᠡ ᠰᠤᠨᠢᠨ ᠮᠡᠳᠡᠭᠡᠨ ᠤ ᠬᠡᠷᠡᠭ》 ᠢᠶᠡᠷ ᠰᠢᠯᠭᠠᠷᠠᠪᠠ᠃

    ᠪᠢᠴᠢᠯ ᠸᠢᠳ᠋ᠢᠤ᠋ 《ᠰᠢᠯᠭᠠᠯᠳᠠ ᠳᠤ ᠤᠷᠤᠬᠤ - ᠨᠠᠮ ᠤᠨ ᠳᠦᠷᠢ ᠳᠦᠷᠬᠦ ᠶᠢ ᠳᠠᠬᠢᠨ ᠱᠤᠭᠤᠬᠤ ᠠᠭᠤᠤ ᠶᠡᠬᠡ ᠢᠨᠵᠸᠨ᠋ᠸᠷᠢᠩ》 ᠨᠢ《ᠵᠠᠳᠠᠷᠠᠬᠤ》᠂《ᠪᠤᠰᠬᠤ》᠂《ᠰᠦᠨᠠᠰᠤ》᠂《ᠦᠨᠳᠦᠰᠤ》ᠳᠦᠷᠪᠡᠨ ᠵᠠᠩᠭᠢᠯᠠᠭ᠎ᠠ ᠶᠢᠨ ᠦᠭᠡ ᠪᠡᠷ ᠭᠤᠤᠯ ᠰᠢᠵᠢᠮ ᠪᠤᠯᠭᠠᠨ ᠨᠠᠮ ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠰᠢ ᠰᠢ ᠵᠢᠨ ᠫᠢᠩ ᠨᠦᠬᠦᠷ ᠢᠶᠡᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ  ᠳᠤᠮᠳᠠᠳᠤ ᠤᠯᠤᠰ ᠤᠨ ᠡᠪ ᠬᠠᠮᠲᠤ ᠨᠠᠮ ᠢ ᠤᠳᠤᠷᠢᠳᠤᠨ ᠭᠤᠶᠠᠴᠢ ᠦᠭᠡᠢ ᠲᠡᠮᠡᠴᠡᠯ ᠤᠨ ᠵᠤᠷᠢᠭ ᠰᠠᠨᠠᠭ᠎ᠠ ᠪᠡᠷ ᠬᠤᠪᠢ ᠪᠡᠶ᠎ᠠ ᠶᠢᠨ ᠬᠤᠪᠢᠰᠬᠠᠯ᠂ ᠳᠦᠷᠢ ᠲᠦᠷᠬᠦ ᠪᠡᠨ ᠲᠠᠬᠢᠨ ᠱᠤᠭᠤᠬᠤ ᠠᠭᠤᠤ ᠶᠡᠬᠡ ᠢᠨᠵᠸᠨ᠋ᠸᠷᠢᠩ ᠢ ᠡᠬᠢᠯᠡᠭᠦᠯᠵᠦ᠂ ᠬᠤᠪᠢᠰᠬᠠᠯᠳᠦ ᠳᠠᠪᠳᠠᠯᠳᠠ ᠪᠤᠯᠪᠠᠰᠤᠷᠠᠯ ᠳᠤᠮᠳᠡᠬᠢ ᠰᠢᠨ᠎ᠠ ᠴᠠᠭ ᠦᠶ᠎ᠠ ᠳ᠋ᠡᠬᠢ ᠨᠠᠮ ᠤᠨ ᠲᠦᠷᠢ ᠲᠦᠷᠬᠦ ᠳᠤ ᠭᠠᠷᠤᠬᠰᠠᠨ ᠤᠷᠢᠳᠤ ᠡᠮᠦᠨ᠎ᠠ ᠪᠠᠢᠢᠭ᠎ᠠ ᠦᠭᠡᠢ ᠬᠤᠪᠢᠷᠠᠯᠲᠠ ᠪᠤᠯᠤᠨ ᠲᠡᠮᠡᠴᠡᠯ ᠤᠨ ᠲᠤᠮᠳᠠ ᠲᠠᠬᠢᠨ ᠱᠤᠭᠤᠬᠰᠠᠨ ᠴᠤ᠋ ᠰᠢᠨ᠎ᠠ ᠳᠦᠷᠢ ᠳᠦᠷᠬᠦ ᠶᠢ ᠠᠮᠢᠳᠤ ᠳᠦᠷᠰᠤᠯᠢᠭ᠌ ᠢᠶᠡᠷ ᠬᠠᠷᠠᠭᠤᠯᠤᠨ ᠢᠯᠡᠳᠭᠡᠵᠡᠢ᠃ ᠸᠢᠳ᠋ᠢᠤ᠋ ᠶᠢ ᠰᠠᠴᠤᠬᠤ ᠲᠠᠢ ᠵᠡᠷᠭᠡ ᠨᠡᠶᠢᠭᠡᠮ ᠨᠡᠶᠢᠲᠡ ᠳᠤ ᠶᠡᠬᠡ ᠨᠦᠯᠦᠭᠡ ᠲᠤᠰᠬᠠᠯ ᠲᠠᠢ ᠪᠤᠯᠵᠤ ᠲᠠᠷᠤᠮ ᠤᠨ ᠲᠤᠭ᠎ᠠ ᠳ᠋ᠦᠩᠰᠢᠭᠤᠷ ᠵᠡᠷᠭᠡᠯᠡᠯ ᠢ ᠳᠠᠪᠠᠭᠰᠠᠨ ᠪᠠᠶᠢᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121982242