蒙古文网站Logo
ᠰᠢᠨᠬᠤᠸᠠ ᠮᠤᠩᠭ᠋ᠤᠯ ᠨᠧᠲ

517 ᠳ᠋ᠦᠩᠰᠢᠭᠤᠷ ᠵᠢᠩ ᠠᠮᠤ ᠪᠤᠳᠠᠭ᠎ᠠ ᠬᠤᠷᠢᠶᠠᠪᠠ

2017-11-20 16:50

    ᠰᠤᠷᠪᠤᠯᠵᠢᠯᠠᠭᠴᠢ ᠦᠪᠦᠷ ᠮᠤᠩᠭ᠋ᠤᠯ ᠤᠨ ᠠᠮᠤ ᠪᠤᠳᠠᠭᠠᠨ ᠤ ᠲᠤᠪᠴᠢᠶ᠎ᠠ ᠠᠴᠠ ᠤᠢᠢᠯᠠᠭᠠᠭᠰᠠᠨ ᠢᠶᠠᠷ᠂ ᠦᠪᠦᠷ ᠮᠣᠩᠭᠣᠯ ᠡᠨᠡ ᠨᠠᠮᠤᠷ 517 ᠳ᠋ᠦᠩᠰᠢᠭᠤᠷ ᠵᠢᠩ ᠠᠮᠤ ᠪᠤᠳᠠᠭ᠎ᠠ ᠬᠤᠷᠢᠶᠠᠵᠤ᠂ ᠡᠭᠦᠨ ᠳᠤ 417 ᠳ᠋ᠦᠩᠰᠢᠭᠤᠷ ᠵᠢᠩ ᠡᠷᠳᠡᠨᠢ ᠰᠢᠰᠢ ᠪᠤᠯᠤᠨ 25 ᠳ᠋ᠦᠩᠰᠢᠭᠤᠷ ᠵᠢᠩ ᠰᠢᠷ᠎ᠠ ᠪᠤᠷᠴᠠᠭ ᠬᠤᠷᠢᠶᠠᠵᠠᠢ᠃

    ᠵᠢᠱᠢᠯᠳᠡ ᠪᠠᠷ᠂ ᠡᠨᠡ ᠵᠢᠯ ᠤᠷᠤᠨ ᠳᠠᠶᠠᠭᠠᠷ ᠤᠨ ᠡᠷᠳᠡᠨᠢ ᠰᠢᠰᠢ ᠬᠤᠳᠠᠯᠳᠤᠨ ᠠᠪᠬᠤ ᠬᠡᠮᠵᠢᠶ᠎ᠠ 340 ᠳ᠋ᠦᠩᠰᠢᠭᠤᠷ ᠵᠢᠩ᠂ ᠰᠢᠷ᠎ᠠ ᠪᠤᠷᠴᠠᠭ ᠬᠤᠳᠠᠯᠳᠤᠨ ᠠᠪᠬᠤ ᠬᠡᠮᠵᠢᠶ᠎ᠠ 18 ᠳ᠋ᠦᠩᠰᠢᠭᠤᠷ ᠵᠢᠩ ᠳᠤ ᠬᠦᠷᠬᠦ ᠪᠤᠯᠤᠨ᠎ᠠ᠃ ᠡᠬᠦᠨ ᠠᠴᠠ ᠭᠠᠳᠠᠨ᠎ᠠ ᠡᠷᠳᠡᠨᠢ ᠰᠢᠰᠢ ᠶᠢ ᠡᠳ᠋ᠰᠢᠭᠦᠯᠦᠨ ᠪᠤᠯᠪᠠᠰᠤᠷᠠᠭᠤᠯᠬᠤ ᠬᠡᠷᠡᠭᠴᠡᠭᠡ ᠱᠠᠭᠠᠷᠳᠠᠯᠭ᠎ᠠ ᠬᠢᠵᠠᠭᠠᠷ ᠲᠠᠢ᠂ ᠤᠯᠠᠩᠭᠢ ᠮᠠᠯᠴᠢᠨ ᠲᠠᠷᠢᠶᠠᠴᠢᠨ ᠠᠮᠤ ᠪᠤᠳᠠᠭ᠎ᠠ ᠬᠤᠳᠠᠯᠳᠤᠬᠤ ᠳᠤ ᠦᠨ᠎ᠠ ᠬᠠᠩᠰᠢ ᠶᠢᠨ ᠦᠰᠦᠯᠳᠡ ᠶᠢ ᠬᠦᠯᠢᠶᠡᠬᠦ ᠤᠪᠤᠷ ᠲᠡᠶᠢᠯᠦᠩᠭᠢ ᠪᠠᠶᠢᠵᠤ᠂ ᠠᠮᠤ ᠪᠤᠳᠠᠭ᠎ᠠ ᠶᠢ ᠬᠤᠳᠠᠯᠳᠤᠨ ᠠᠪᠴᠦ ᠭᠠᠳᠠᠭᠰᠢ ᠭᠠᠷᠭᠠᠬᠤ ᠪᠠ ᠬᠤᠳᠠᠯᠳᠤᠨ ᠠᠪᠴᠦ ᠨᠦᠬᠡᠴᠡᠯᠡᠬᠦ ᠲᠠᠷᠤᠭᠠᠰᠤ ᠨᠡᠯᠢᠶᠡᠳ ᠶᠡᠭᠡ ᠪᠠᠶᠢᠭᠰᠠᠭᠠᠷ᠃ ᠡᠬᠦᠨ ᠳᠤ ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠠᠴᠠ ᠵᠠᠬ᠎ᠠ ᠳᠡᠯᠬᠡᠭᠦᠷ᠂ ᠪᠡᠯᠡ ᠮᠦᠩᠬᠦ᠂ ᠨᠦᠬᠡᠴᠡᠯᠡᠯᠳᠡ ᠬᠠᠳᠠᠭᠠᠯᠠᠯᠳᠠ᠂ ᠵᠠᠮ ᠬᠠᠷᠢᠯᠴᠠᠭ᠎ᠠ ᠵᠡᠷᠬᠡ ᠲᠠᠯ᠎ᠠ ᠶᠢᠨ ᠠᠵᠢᠯ ᠢᠶᠠᠨ ᠴᠢᠩᠭ᠋ᠠᠳᠬᠠᠵᠦ᠂ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠤᠷᠤᠬᠰᠢᠳᠠᠢ ᠶᠠᠪᠤᠬᠳᠠᠬᠤ ᠶᠢ ᠪᠠᠳᠤᠯᠠᠨ ᠮᠠᠯᠴᠢᠨ ᠲᠠᠷᠢᠶᠠᠴᠢᠨ ᠤ ᠠᠰᠢᠭ ᠳᠤᠰᠠ ᠶᠢ ᠬᠦᠴᠦᠯᠡᠨ ᠬᠠᠮᠠᠭᠠᠯᠠᠵᠦ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121983839