蒙古文网站Logo
ᠰᠢᠨᠬᠤᠸᠠ ᠮᠤᠩᠭ᠋ᠤᠯ ᠨᠧᠲ

ᠵᠢᠯ ᠪᠦᠷᠢ ᠶᠢᠨ 8 ᠰᠠᠷ᠎ᠠ ᠶᠢᠨ 19 ᠤ ᠡᠳᠦᠷ ᠢ《ᠳᠤᠮᠳᠠᠳᠤ ᠤᠯᠤᠰ ᠤᠨ ᠶᠡᠬᠡ ᠡᠮᠴᠢ ᠶᠢᠨ ᠪᠠᠶᠠᠷ》 ᠢ᠋ᠶᠡᠷ ᠲᠤᠭᠲᠠᠭᠠᠪᠠ

2017-11-21 16:09

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠸᠠᠩ ᠪᠢᠨ᠂ ᠴᠸᠨ ᠽᠦᠡᠭ᠍) ᠲᠦᠷᠦ ᠶᠢᠨ ᠶᠡᠪᠤᠳᠠᠯ ᠤᠨ ᠬᠤᠷᠢᠶ᠎ᠠ ᠲᠦᠷᠦᠭᠦᠬᠡᠨ 2018 ᠤᠨ ᠡᠴᠡ ᠡᠬᠢᠯᠡᠨ ᠵᠢᠯ ᠪᠦᠷᠢ ᠶᠢᠨ 8 ᠰᠠᠷ᠎ᠠ ᠶᠢᠨ 19 ᠤ ᠡᠳᠦᠷ ᠢ《ᠳᠤᠮᠳᠠᠳᠤ ᠤᠯᠤᠰ ᠤᠨ ᠶᠡᠬᠡ ᠡᠮᠴᠢ ᠶᠢᠨ ᠪᠠᠶᠠᠷ》  ᠢ᠋ᠶᠡᠷ ᠲᠤᠭᠲᠠᠭᠠᠨ᠎ᠠ ᠬᠡᠵᠤ ᠴᠤᠬᠤᠯᠠᠪᠤᠷᠢᠯᠠᠪᠠ᠃ ᠪᠤᠳᠠᠲᠠᠢ ᠠᠵᠢᠯ ᠢ ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠵᠦᠪᠯᠡᠯ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠡᠴᠡ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠠ᠃

    2016 ᠤᠨ ᠤ 8 ᠰᠠᠷ᠎᠎ᠠ ᠶᠢᠨ 19 ᠤ ᠡᠳᠦᠷ᠂ ᠤᠯᠤᠰ ᠳᠠᠶᠠᠭᠠᠷ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠤ ᠶᠢᠨ ᠶᠡᠬᠡ ᠬᠤᠷᠠᠯ ᠡᠴᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠤ ᠶᠢᠨ ᠠᠵᠢᠯ ᠨᠠᠮ ᠪᠤᠯᠤᠨ ᠲᠦᠷᠦ ᠶᠢᠨ ᠠᠵᠢᠯ ᠦᠢᠯᠡᠰ ᠤᠨ ᠶᠡᠷᠦᠩᠬᠡᠢ ᠪᠦᠲᠦᠴᠡ ᠳᠡᠬᠢ ᠴᠢᠬᠤᠯᠠ ᠪᠠᠶᠢᠷᠢ ᠰᠠᠭᠤᠷᠢ  ᠪᠠ ᠰᠢᠨ᠎ᠠ ᠴᠠᠭ ᠦᠶ᠎ᠠ ᠶᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠲᠤ ᠶᠢᠨ ᠠᠵᠢᠯ ᠤᠨ ᠴᠢᠭᠯᠡᠯᠲᠡ ᠶᠢ ᠲᠤᠳᠤᠷᠬᠠᠶᠢᠯᠠᠪᠠ᠃ ᠬᠤᠷᠠᠯ ᠡᠴᠡ ᠢᠷᠭᠡᠳ ᠤᠨ ᠡᠷᠡᠭᠦᠯ ᠮᠡᠨᠲᠤ ᠶᠢ ᠲᠡᠷᠢᠭᠦᠨ ᠳᠤ ᠳᠠᠯᠪᠢᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠳᠤᠷᠠᠳᠴᠤ᠂ ᠬᠦᠮᠦᠰ ᠤᠨ ᠡᠷᠡᠭᠦᠯ ᠮᠡᠨᠲᠤ ᠶᠢ ᠪᠦᠬᠦ ᠲᠠᠯ᠎ᠠ ᠪᠡᠷ ᠪᠦᠷᠢᠨ ᠬᠤᠭᠤᠴᠠᠭᠠᠨ ᠳᠤ ᠪᠠᠲᠤᠯᠠᠬᠤ ᠪᠡᠷ ᠴᠢᠷᠮᠠᠶᠢᠨ᠎ᠠ᠃ ᠡᠭᠦᠨ ᠤ ᠤᠯᠠᠮ ᠢᠶᠡᠷ《ᠳᠤᠮᠳᠠᠳᠤ ᠤᠯᠤᠰ ᠤᠨ ᠶᠡᠬᠡ ᠡᠮᠴᠢ ᠶᠢᠨ ᠪᠠᠶᠠᠷ》 ᠢ᠋ ᠲᠤᠭᠲᠠᠭᠠᠵᠤ᠂ ᠨᠠᠮ ᠪᠤᠯᠤᠨ ᠲᠦᠷᠦ ᠡᠴᠡ 1100 ᠲᠦᠮᠠ ᠭᠠᠷᠤᠢ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠲᠤ ᠶᠢᠨ ᠠᠵᠢᠯᠲᠡᠨ ᠢ ᠬᠠᠯᠠᠮᠵᠢᠯᠠᠵᠦ ᠪᠠᠶᠢᠬᠤ ᠪᠠ ᠨᠤᠲᠠᠯᠠᠵᠤ ᠪᠠᠶᠢᠬᠤ ᠶᠢ ᠢᠯᠡᠳᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121988265