蒙古文网站Logo
ᠰᠢᠨᠬᠤᠸᠠ ᠮᠤᠩᠭ᠋ᠤᠯ ᠨᠧᠲ

2017 ᠤᠨ ᠤ ᠦᠪᠦᠷ ᠮᠣᠩᠭᠣᠯ ᠤᠨ ᠪᠠᠶᠢᠭᠠᠯᠢ ᠤᠷᠴᠢᠨ ᠢ ᠬᠠᠮᠠᠭᠠᠯᠠᠬᠤ ᠵᠠᠭᠤᠨ ᠤ ᠠᠶᠠᠨ ᠤ ᠤᠬᠠᠭᠤᠯᠭ᠎ᠠ ᠶᠢᠨ ᠠᠵᠢᠯᠯᠠᠭ᠎ᠠ ᠡᠬᠢᠯᠡᠪᠡ

2017-11-21 16:11

    11 ᠰᠠᠷ᠎ᠠ ᠶᠢᠨ 20 ᠤ ᠡᠳᠦᠷ᠂ ᠦᠪᠦᠷ ᠮᠣᠩᠭᠣᠯ ᠤᠨ ᠪᠠᠶᠢᠭᠠᠯᠢ ᠤᠷᠴᠢᠨ ᠢ ᠬᠠᠮᠠᠭᠠᠯᠠᠬᠤ ᠵᠠᠭᠤᠨ ᠤ ᠠᠶᠠᠨ ᠤ ᠵᠤᠬᠢᠶᠠᠨ ᠪᠠᠶᠢᠭᠤᠯᠬᠤ ᠺᠤᠮᠢᠰ ᠤᠨ ᠬᠤᠷᠠᠯ ᠵᠢᠴᠢ ᠤᠬᠠᠭᠤᠯᠬᠤ ᠠᠵᠢᠯᠯᠠᠭᠠᠨ ᠤ ᠡᠬᠢᠯᠡᠯᠲᠡ ᠶᠢᠨ ᠶᠤᠰᠤᠯᠠᠯ ᠶᠠᠪᠤᠭᠳᠠᠪᠠ᠃ ᠤᠶᠢᠯᠠᠭᠠᠭᠰᠠᠨ ᠢᠶᠡᠷ᠂ 2017 ᠤᠨ ᠤ ᠦᠪᠦᠷ ᠮᠣᠩᠭᠣᠯ ᠤᠨ ᠪᠠᠶᠢᠭᠠᠯᠢ ᠤᠷᠴᠢᠨ ᠢ ᠬᠠᠮᠠᠭᠠᠯᠠᠬᠤ ᠵᠠᠭᠤᠨ ᠤ ᠠᠶᠠᠨ ᠤ ᠤᠬᠠᠭᠤᠯᠭ᠎ᠠ ᠶᠢᠨ ᠠᠵᠢᠯᠯᠠᠭ᠎ᠠ ᠨᠢ《ᠠᠮᠢ ᠠᠬᠤᠢ ᠶᠢᠨ ᠪᠤᠯᠪᠠᠰᠤᠨ ᠢ ᠠᠬᠢᠭᠤᠯᠵᠤ᠂ ᠦᠵᠡᠰᠭᠦᠯᠡᠩᠲᠤ ᠰᠠᠶᠢᠬᠠᠨ ᠦᠪᠦᠷ ᠮᠣᠩᠭᠣᠯ ᠢᠶᠡᠨ ᠴᠤᠭᠴᠠᠯᠠᠶ᠎ᠠ》ᠬᠡᠬᠦ ᠰᠡᠳᠦᠪ ᠤᠨ ᠲᠤᠭᠤᠷᠢᠨ ᠳᠤ《ᠪᠤᠬᠢᠷᠳᠤᠯ ᠦᠭᠡᠢ ᠬᠦᠭ᠍ᠵᠢᠯᠲᠠ ᠶᠢᠨ ᠤᠶᠢᠯᠠᠭᠠᠭᠲᠠᠬᠤᠨ ᠢ ᠪᠤᠢ ᠪᠤᠯᠭᠠᠵᠤ᠂ ᠭᠤᠤᠯᠳᠠᠯᠭ᠎ᠠ ᠲᠠᠢ ᠨᠠᠭᠤᠷ ᠪᠦᠷᠢᠲᠤ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠶᠡᠷᠦᠩᠬᠡᠶ ᠵᠠᠰᠠᠯᠲᠠ ᠶᠢ ᠠᠬᠢᠭᠤᠯᠬᠤ》 ᠪᠡᠷ ᠭᠤᠤᠯ ᠰᠡᠳᠦᠪ ᠢᠶᠡᠨ ᠪᠤᠯᠭᠠᠨ ᠰᠤᠷᠪᠤᠯᠵᠢᠯᠠᠭᠴᠢᠳ ᠢ ᠵᠤᠬᠢᠶᠠᠨ ᠪᠠᠶᠢᠭᠤᠯᠵᠤ ᠬᠦᠯᠦᠨ ᠨᠠᠭᠤᠷ᠂ ᠲᠠᠢᠢᠭ᠎ᠠ ᠨᠠᠭᠤᠷ᠂ ᠤᠯᠠᠭᠠᠨᠰᠤᠬᠠᠢ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠤᠯᠤᠨ ᠰᠡᠷᠭᠦᠬᠡᠨ ᠵᠠᠰᠠᠬᠤ ᠲᠦᠯᠦᠪᠵᠢᠭᠦᠯᠭᠡ ᠶᠢ ᠲᠤᠭᠲᠠᠭᠠᠨ ᠬᠡᠷᠡᠭᠵᠢᠭᠦᠯᠬᠦ᠂ ᠭᠤᠤᠯᠳᠠᠯᠭ᠎ᠠ ᠲᠠᠢ ᠵᠠᠰᠠᠬᠤ ᠲᠦᠰᠦᠯ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠤᠷᠴᠢᠨ ᠢ ᠰᠡᠷᠭᠦᠬᠡᠨ ᠵᠠᠰᠠᠬᠤ ᠪᠤᠶᠤ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠵᠢᠴᠢ ᠦᠷ᠎ᠠ ᠪᠦᠲᠦᠮᠵᠢ ᠶᠢᠨ ᠲᠠᠯ᠎ᠠ ᠪᠡᠷ ᠤᠬᠠᠭᠤᠯᠤᠨ ᠮᠡᠳᠡᠭᠡᠯᠡᠨ᠎ᠠ᠃

    ᠬᠤᠷᠠᠯ ᠡᠴᠡ ᠴᠢᠬᠤᠯᠠᠴᠢᠯᠠᠭᠰᠠᠨ ᠢᠶᠡᠷ᠂ ᠵᠦᠪ ᠤᠯᠤᠰ ᠲᠦᠷᠦ ᠶᠢᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠵᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠳ᠋ᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠠ ᠬᠦᠭ᠍ᠵᠢᠯᠲᠠ ᠶᠢᠨ ᠤᠶᠢᠯᠠᠭᠠᠭᠲᠠᠬᠤᠨ ᠢ ᠢᠳᠡᠪᠬᠢᠲᠠᠢ ᠬᠡᠷᠡᠭᠵᠢᠭᠦᠯᠵᠤ᠂ ᠦᠪᠦᠷ ᠮᠣᠩᠭᠣᠯ ᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ  ᠪᠤᠯᠤᠨ ᠪᠤᠬᠢᠷᠳᠤᠯ ᠦᠭᠡᠢ ᠬᠦᠭ᠍ᠵᠢᠯᠲᠠ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠤᠷᠴᠢᠨ ᠢ ᠪᠤᠢ ᠪᠤᠯᠭᠠᠬᠤ ᠶᠢ ᠲᠦᠷᠭᠡᠳᠭᠡᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121988269