蒙古文网站Logo
ᠰᠢᠨᠬᠤᠸᠠ ᠮᠤᠩᠭ᠋ᠤᠯ ᠨᠧᠲ

ᠳᠠᠷᠠᠭ᠎ᠠ ᠵᠢᠯ ᠡᠴᠡ ᠡᠬᠢᠯᠡᠨ ᠳᠤᠮᠳᠠᠳᠤ ᠤᠯᠤᠰ ᠲᠤ ᠪᠠᠰᠠ ᠨᠢᠬᠡ ᠪᠠᠶᠠᠷ ᠤᠨ ᠡᠳᠦᠷ ᠨᠡᠮᠡᠭᠳᠡᠨ᠎ᠠ

2017-11-22 14:39

    ᠡᠮᠦᠨᠡᠬᠡᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠤᠬᠤᠯᠠᠪᠤᠷᠢᠯᠠᠬᠰᠠᠨ ᠢᠶᠡᠷ᠂ 2018 ᠤᠨ ᠡᠴᠡ ᠡᠬᠢᠯᠡᠨ ᠵᠢᠯ ᠪᠦᠷᠢ ᠶᠢᠨ 8 ᠰᠠᠷ᠎ᠠ ᠶᠢᠨ 19 ᠤ ᠡᠳᠦᠷ ᠢ 《ᠳᠤᠮᠳᠠᠳᠤ ᠤᠯᠤᠰ ᠤᠨ ᠶᠡᠭᠡ ᠡᠮᠴᠢ ᠶᠢᠨ ᠪᠠᠶᠠᠷ》 ᠢᠶᠡᠷ ᠲᠤᠭᠲᠠᠭᠠᠬᠤ ᠶᠢ ᠵᠦᠪᠰᠢᠶᠠᠷᠡᠵᠤ᠂ ᠪᠤᠳᠠᠲᠠᠢ ᠠᠵᠢᠯ ᠢ ᠤᠯᠤᠰ ᠤᠨ ᠡᠷᠡᠬᠦᠯ ᠬᠠᠮᠠᠭᠠᠯᠠᠯ ᠲᠦᠯᠦᠪᠯᠡᠬᠡᠲᠤ ᠦᠷᠡᠵᠢᠯ ᠤᠨ ᠵᠦᠪᠯᠡᠯ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠡᠴᠡ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠠ᠃

    2016 ᠤᠨ ᠤ 8 ᠰᠠᠷ᠎ᠠ ᠶᠢᠨ 19 ᠤ ᠡᠳᠦᠷ᠂ ᠤᠯᠤᠰ ᠳᠠᠶᠠᠭᠠᠷ ᠤᠨ ᠡᠷᠡᠬᠦᠯ ᠬᠠᠮᠠᠭᠠᠯᠠᠯ ᠪᠠ ᠡᠷᠡᠬᠦᠯ ᠮᠡᠨᠳᠤ ᠶᠢᠨ ᠶᠡᠬᠡ ᠬᠤᠷᠠᠯ ᠳᠤ᠂ ᠡᠷᠡᠬᠦᠯ ᠬᠠᠮᠠᠭᠠᠯᠠᠯ ᠪᠠ ᠡᠷᠡᠬᠦᠯ ᠮᠡᠨᠳᠤ  ᠶᠢᠨ ᠠᠵᠢᠯ ᠤᠨ ᠨᠠᠮ ᠪᠤᠯᠤᠨ ᠲᠦᠷᠦ ᠶᠢᠨ ᠠᠵᠢᠯ ᠥᠢᠯᠡᠰ ᠤᠨ ᠶᠡᠷᠦᠩᠬᠡᠢ ᠪᠠᠶᠢᠳᠠᠯ ᠳ᠋ᠡᠬᠢ ᠴᠢᠬᠤᠯᠠ ᠪᠠᠶᠢᠷᠢ ᠰᠠᠭᠤᠷᠢ ᠵᠢᠴᠢ ᠰᠢᠨ᠎ᠠ ᠴᠠᠭ ᠦᠶ᠎ᠠ ᠶᠢᠨ ᠡᠷᠡᠬᠦᠯ ᠬᠠᠮᠠᠭᠠᠯᠠᠯ ᠪᠠ ᠡᠷᠡᠬᠦᠯ ᠮᠡᠨᠳᠤ  ᠶᠢᠨ ᠠᠵᠢᠯ ᠤᠨ ᠴᠢᠭ᠍ᠯᠠᠯ ᠢ ᠳᠤᠳᠤᠷᠬᠠᠶᠢᠯᠠᠬᠰᠠᠨ ᠪᠠᠶᠢᠨ᠎ᠠ᠃ ᠬᠤᠷᠠᠯ ᠢᠶᠡᠷ᠂ ᠢᠷᠭᠡᠳ ᠤᠨ ᠡᠷᠡᠭᠦᠯ ᠮᠡᠨᠳᠤ ᠶᠢ ᠲᠡᠷᠢᠬᠦᠨ ᠤ ᠬᠦᠭ᠍ᠵᠢᠯᠲᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ᠪᠦᠬᠦ ᠲᠠᠯ᠎ᠠ ᠪᠡᠷ ᠪᠦᠬᠦ ᠦᠶᠡᠯᠡᠯ ᠢᠶᠡᠷ ᠢᠷᠭᠡᠳ ᠤᠨ ᠡᠷᠡᠬᠦᠯ ᠮᠡᠨᠳᠤ ᠶᠢ ᠪᠠᠲᠤᠯᠠᠬᠤ ᠪᠡᠷ ᠴᠢᠷᠮᠠᠶᠢᠨ᠎ᠠ ᠬᠡᠵᠤ ᠳᠤᠷᠠᠳᠪᠠ᠃ ᠡᠬᠦᠨ ᠢᠶᠡᠷ ᠪᠡᠯᠬᠡ ᠲᠡᠮᠳᠡᠭ ᠪᠤᠯᠭᠠᠨ 《ᠳᠤᠮᠳᠠᠳᠤ ᠤᠯᠤᠰ ᠤᠨ ᠶᠡᠬᠡ ᠡᠮᠴᠢ ᠶᠢᠨ ᠪᠠᠶᠠᠷ》ᠭᠠᠷᠭᠠᠬᠰᠠᠨ ᠨᠢ ᠨᠠᠮ ᠪᠤᠯᠤᠨ ᠲᠦᠷᠦ ᠡᠴᠡ 1100 ᠭᠠᠷᠤᠢ ᠲᠦᠮᠡᠨ ᠡᠷᠡᠬᠦᠯ ᠬᠠᠮᠠᠭᠠᠯᠠᠯ ᠪᠠ ᠡᠷᠡᠬᠦᠯ ᠮᠡᠨᠳᠤ  ᠶᠢᠨ ᠠᠵᠢᠯᠲᠠᠳ ᠢ ᠬᠠᠯᠠᠮᠵᠢᠯᠠᠵᠤ ᠪᠠᠶᠢᠬᠤ ᠶᠢ ᠲᠤᠰᠬᠠᠵᠡᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121994075