蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ《ᠰᠢᠨ᠎ᠠ ᠴᠠᠭ ᠦᠶ᠎ᠠ ᠰᠢᠨ᠎ᠠ ᠳᠦᠷᠰᠤ ᠪᠠᠶᠢᠳᠠᠯ ᠰᠢᠨ᠎ᠠ ᠵᠢᠳᠭᠦᠯ ᠴᠢᠷᠮᠠᠶᠢᠯᠭ᠎ᠠ》ᠭᠤᠤᠯ ᠰᠡᠳᠦᠪᠲᠤ ᠰᠤᠷᠪᠤᠯᠵᠢᠯᠠᠭ᠎ᠠ ᠶᠢᠨ ᠠᠵᠢᠯᠯᠠᠭ᠎ᠠ ᠡᠬᠢᠯᠡᠪᠡ

2017-11-29 15:26

    ᠰᠢᠨᠬᠤᠸᠠ ᠨᠸᠲ  ᠬᠦᠬᠡᠬᠤᠲᠠ ᠶᠢᠨ 11 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ ( ᠯᠢ ᠴᠢᠶᠠᠨ) 28 ᠤ ᠡᠳᠦᠷ᠂《ᠰᠢᠨ᠎ᠠ ᠴᠠᠭ ᠦᠶ᠎ᠠ ᠰᠢᠨ᠎ᠠ ᠳᠦᠷᠰᠤ ᠪᠠᠶᠢᠳᠠᠯ ᠰᠢᠨ᠎ᠠ ᠵᠢᠳᠭᠦᠯ ᠴᠢᠷᠮᠠᠶᠢᠯᠭ᠎ᠠ》 ᠭᠤᠤᠯ ᠰᠡᠳᠦᠪᠲᠤ ᠰᠤᠷᠪᠤᠯᠵᠢᠯᠠᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠬᠦᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠠᠩᠭᠢ ᠶᠢᠨ ᠰᠠᠭᠤᠷᠢᠨ ᠭᠠᠵᠠᠷ ᠤᠨ ᠦᠵᠡᠭᠦᠯᠦᠯᠭᠡ ᠶᠢᠨ ᠤᠷᠳᠤᠨ ᠳᠤ ᠶᠠᠪᠤᠭᠳᠠᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠠᠵᠢᠯᠯᠠᠭ᠎ᠠ ᠨᠢ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠨ ᠱᠠᠲᠤᠨ ᠤ ᠤᠯᠠᠨ ᠲᠦᠮᠡᠨ ᠳᠤ ᠳᠦᠷᠬᠡᠨ ᠳᠠᠮᠵᠢᠭᠤᠯᠵᠤ᠂ ᠨᠠᠮ ᠪᠠ ᠢᠷᠭᠡᠨ ᠤ ᠰᠡᠳᠬᠢᠯ ᠢ ᠨᠢᠬᠳᠠᠷᠠᠭᠤᠯᠤᠨ᠂ ᠨᠡᠶᠢᠭᠡᠮ ᠤᠨ ᠨᠢᠭᠡᠳᠦᠭᠰᠡᠨ ᠤᠶᠢᠯᠠᠭᠠᠭᠲᠠᠬᠤᠨ ᠢ ᠦᠷᠭᠡᠳᠭᠡᠬᠦ ᠪᠡᠷ ᠵᠤᠷᠢᠯᠭ᠎ᠠ ᠪᠡᠨ ᠪᠤᠯᠭᠠᠪᠠ᠃ ᠤᠷᠤᠨ ᠳᠠᠶᠠᠭᠠᠷ ᠡᠴᠡ ᠬᠦᠷᠦᠯᠴᠡᠨ ᠢᠷᠡᠭᠰᠡᠨ 20 ᠭᠠᠷᠤᠢ ᠵᠠᠭᠤᠴᠢᠯᠠᠭᠤᠷ ᠤᠨ ᠬᠢᠨᠢ ᠦᠪᠦᠷ ᠮᠣᠩᠭᠣᠯ ᠤᠨ ᠡᠯ᠎ᠠ ᠪᠦᠰᠡ ᠨᠤᠲᠤᠭ ᠲᠤ ᠲᠦᠪᠯᠡᠷᠡᠭᠰᠡᠨ ᠰᠤᠷᠪᠤᠯᠵᠢᠯᠠᠭ᠎ᠠ ᠶᠢᠨ ᠠᠵᠢᠯᠯᠠᠭ᠎ᠠ ᠦᠷᠨᠢᠭᠦᠯᠬᠦ ᠪᠤᠯᠤᠨ᠎ᠠ᠃

    ᠲᠠᠨᠢᠯᠴᠠᠭᠤᠯᠤᠭᠰᠠᠨ ᠢᠶᠡᠷ᠂ ᠲᠦᠪ ᠤᠨ ᠤᠬᠠᠭᠤᠯᠬᠤ ᠬᠡᠯᠳᠡᠰ ᠡᠴᠡ ᠵᠤᠬᠢᠶᠠᠨ ᠪᠠᠶᠢᠭᠤᠯᠤᠭᠰᠠᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ《ᠰᠢᠨ᠎ᠠ ᠴᠠᠭ ᠦᠶ᠎ᠠ ᠰᠢᠨ᠎ᠠ ᠳᠦᠷᠰᠤ ᠪᠠᠶᠢᠳᠠᠯ ᠰᠢᠨ᠎ᠠ ᠵᠢᠳᠭᠦᠯ ᠴᠢᠷᠮᠠᠶᠢᠯᠭ᠎ᠠ》ᠭᠤᠤᠯ ᠰᠡᠳᠦᠪᠲᠤ ᠰᠤᠷᠪᠤᠯᠵᠢᠯᠠᠭ᠎ᠠ ᠶᠢᠨ ᠠᠵᠢᠯᠯᠠᠭ᠎ᠠ 2018 ᠤᠨ ᠤ 1 ᠰᠠᠷ᠎ᠠ ᠶᠢᠨ ᠰᠡᠭᠦᠯᠴᠢ ᠪᠤᠯᠲᠠᠯ᠎ᠠ ᠦᠷᠭᠦᠯᠵᠢᠯᠡᠨ᠎ᠠ᠃ ᠦᠨᠳᠦᠰᠦᠨ ᠱᠠᠲᠤᠨ ᠤ ᠺᠠᠳ᠋ᠷ ᠠᠵᠢᠯᠲᠠᠳ ᠤᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠪᠠᠶᠢᠭ᠎ᠠ ᠨᠡᠶᠢᠲᠡᠯᠢᠭ᠌ ᠵᠢᠱᠢᠶ᠎ᠠ ᠪᠤᠯᠤᠨ ᠰᠠᠶᠢᠨ ᠰᠠᠶᠢᠬᠠᠨ ᠳᠦᠷᠢ ᠳᠦᠷᠬᠦ ᠶᠢ ᠤᠯᠠᠨ ᠬᠡᠪ ᠮᠠᠶ᠊ᠢᠭ ᠢᠶᠡᠷ᠂ ᠳᠡᠰ ᠳᠠᠪᠬᠤᠷᠭ᠎ᠠ ᠬᠤᠪᠢᠶᠠᠨ᠂ ᠦᠷᠭᠡᠨ ᠬᠦᠷᠢᠶ᠎ᠠ ᠴᠠᠷᠠᠭᠠᠨ ᠳᠤ ᠭᠦᠨᠵᠡᠭᠡᠢ ᠤᠬᠠᠭᠤᠯᠤᠨ᠂ ᠦᠷᠭᠡᠨ ᠤᠯᠠᠨ ᠺᠠᠳ᠋ᠷ ᠠᠵᠢᠯᠲᠠᠳ ᠤᠨ ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠪᠡᠷ ᠲᠠᠷᠢᠬᠢ ᠲᠤᠯᠤᠭᠠᠢ ᠪᠡᠨ ᠵᠡᠪᠰᠡᠭᠯᠡᠵᠤ᠂ ᠦᠢᠯᠡᠳᠦᠯᠭᠡ ᠪᠡᠨ ᠵᠢᠯᠤᠭᠤᠳᠤᠭᠤᠯᠤᠨ᠂ ᠠᠵᠢᠯ ᠢᠶᠡᠨ ᠠᠬᠢᠭᠤᠯᠵᠤ ᠪᠠᠶᠢᠭ᠎ᠠ ᠪᠠᠶᠢᠳᠠᠯ ᠢ ᠬᠦᠢᠴᠡᠳ ᠲᠤᠰᠬᠠᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122029286