蒙古文网站Logo
ᠰᠢᠨᠬᠤᠸᠠ ᠮᠤᠩᠭ᠋ᠤᠯ ᠨᠧᠲ

ᠪᠡᠬᠡᠵᠢᠩ ᠤᠨ ᠠᠰᠠᠷᠠᠮᠵᠢ ᠶᠢᠨ ᠬᠦᠷᠢᠶᠡᠯᠡᠩ ᠨᠦᠬᠦᠴᠡᠯ ᠦᠬᠡᠢ ᠬᠡᠷ ᠪᠦᠯᠢ ᠶᠢᠨ ᠵᠡᠮᠳᠡᠭ ᠬᠡᠤᠬᠡᠳ ᠢ ᠬᠦᠯᠢᠶᠡᠨ ᠠᠪᠴᠤ ᠪᠤᠢ

2017-11-29 15:31

    ᠤᠶᠢᠷ᠎ᠠ ᠶᠢᠨ ᠡᠳᠦᠷ᠂ ᠪᠡᠬᠡᠵᠢᠩ ᠬᠤᠳᠠ ᠶᠢᠨ ᠬᠡᠤᠬᠡᠳ ᠤᠨ ᠠᠰᠠᠷᠠᠮᠵᠢ ᠶᠢᠨ ᠬᠦᠷᠢᠶᠡᠯᠡᠩ ᠰᠡᠳᠬᠦᠯᠴᠢᠳ ᠲᠤ ᠨᠡᠬᠡᠬᠡᠯᠳᠡ ᠲᠠᠢ ᠡᠳᠦᠷ ᠳᠤᠬᠢᠷᠠᠭᠤᠯᠵᠤ᠂ ᠰᠡᠳᠬᠦᠯᠴᠢᠳ ᠡᠨᠳᠡ ᠠᠰᠠᠷᠠᠨ ᠳᠤᠳᠤᠮᠳᠠᠭᠤᠯᠵᠤ ᠪᠠᠶᠢᠭ᠎ᠠ 400 ᠭᠠᠷᠤᠢ ᠵᠡᠮᠳᠡᠭ ᠬᠡᠤᠬᠡᠳ ᠤᠨ ᠠᠮᠢᠳᠤᠷᠠᠯ ᠲᠠᠢ ᠳᠠᠨᠢᠯᠴᠠᠯ᠎ᠠ᠃

    ᠳᠤᠰ ᠬᠦᠷᠢᠶᠡᠯᠡᠩ ᠨᠢ ᠨᠡᠶᠢᠳᠡ 23000 ᠺᠦᠧᠠᠳ᠋ ᠮᠧᠲ᠋ᠷ ᠪᠠᠷᠢᠯᠭ᠎ᠠ ᠶᠢᠨ ᠳᠠᠯᠠᠪᠠᠢ ᠲᠠᠢ᠂ ᠬᠦᠷᠢᠶᠡᠨ ᠳ᠋ᠡᠬᠡᠨ ᠪᠠᠶᠢᠷᠢ ᠶᠢᠨ ᠠᠰᠠᠷ᠂ ᠡᠮᠴᠢᠯᠡᠬᠡᠨ ᠤ ᠠᠰᠠᠷ᠂ ᠪᠤᠯᠪᠠᠰᠤᠷᠠᠯ ᠤᠨ ᠠᠰᠠᠷ ᠵᠡᠷᠬᠡ ᠭᠤᠤᠯ ᠴᠤᠭᠴᠠᠳᠤ ᠳᠦᠬᠦᠬᠡᠷᠦᠮᠵᠢ ᠲᠠᠢ᠃ ᠡᠨᠳᠡ ᠪᠠᠶᠢᠭ᠎ᠠ 400 ᠭᠠᠷᠤᠢ ᠬᠡᠤᠬᠡᠳ ᠡᠴᠡ 90% ᠨᠢ ᠠᠳᠠᠯᠢ ᠪᠤᠰᠤ ᠬᠡᠮᠵᠢᠶ᠎ᠠ ᠪᠡᠷ ᠬᠦᠭᠵᠢᠯ ᠤᠨ ᠪᠡᠷᠬᠡᠰᠢᠶᠡᠯ ᠲᠠᠢ ᠪᠠᠶᠢᠵᠤ ᠬᠠᠶᠠᠭᠳᠠᠭᠰᠠᠨ ᠬᠡᠤᠬᠡᠳ ᠤᠳ ᠪᠠᠶᠢᠪᠠ᠃

    ᠬᠦᠷᠢᠶᠡᠯᠡᠩ ᠤᠨ ᠬᠠᠷᠢᠭᠤᠴᠠᠯᠭᠠᠳᠠᠨ ᠤ ᠳᠠᠨᠢᠯᠴᠠᠭᠤᠯᠤᠭᠰᠠᠨ ᠢᠶᠡᠷ᠂ 2015 ᠤᠨ ᠡᠴᠡ ᠡᠬᠢᠯᠡᠨ ᠦᠬᠡᠷᠡᠴᠢᠯᠡᠯᠳᠡ ᠬᠦᠭᠵᠢᠯᠳᠡ ᠶᠢᠨ ᠳᠤᠷᠰᠢᠯᠳᠠ ᠶᠢᠨ ᠠᠵᠢᠯ ᠳᠦᠰᠦᠪᠯᠡᠵᠤ᠂ ᠳᠤᠰ ᠬᠤᠳᠠ ᠶᠢᠨ ᠡᠷᠦᠬᠡ ᠠᠮᠠ ᠲᠠᠢ ᠬᠡᠷ ᠪᠦᠯᠢ ᠶᠢᠨ ᠬᠢᠨ ᠠᠰᠠᠷᠠᠨ ᠳᠤᠳᠤᠮᠳᠠᠬᠤ ᠨᠦᠬᠦᠴᠡᠯ ᠦᠬᠡᠢ 7 ᠨᠠᠰᠤᠨ ᠡᠴᠡ ᠳᠤᠷᠤᠭᠰᠢᠬᠢ ᠵᠡᠮᠳᠡᠭ ᠬᠡᠤᠬᠡᠳ ᠢ ᠬᠦᠯᠢᠶᠡᠨ ᠠᠪᠴᠤ ᠵᠡᠮᠳᠡᠭ ᠬᠡᠤᠬᠡᠳ ᠤᠨ ᠡᠷᠡᠬᠦᠯᠵᠢᠯ ᠤᠨ ᠳᠦᠪ ᠪᠠᠶᠢᠭᠤᠯᠬᠤ ᠪᠡᠷ ᠪᠤᠯᠵᠠᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122030578