蒙古文网站Logo
ᠰᠢᠨᠬᠤᠸᠠ ᠮᠤᠩᠭ᠋ᠤᠯ ᠨᠧᠲ

ᠯᠢᠶᠤᠤᠨᠢᠩ ᠳᠠᠪᠤᠨ ᠵᠢᠯ ᠳᠤ ᠠᠵᠢᠯ ᠦᠢᠯᠡᠰ ᠤᠨ ᠨᠢᠬᠡᠴᠡ ᠶᠢᠨ 15 ᠳᠦᠮᠡᠨ ᠠᠵᠢᠯᠳᠠᠨ ᠤ ᠤᠷᠤᠨ ᠳᠤᠭ᠎ᠠ ᠶᠢ ᠡᠬᠡᠬᠦᠯᠦᠨ ᠠᠪᠴᠠᠢ

2017-11-30 16:00

    ᠰᠢᠨᠬᠤᠧᠠ ᠬᠤᠷᠢᠶ᠎ᠠ   ᠮᠦᠭᠳᠡᠨ ᠤ 11 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠹᠠᠨ ᠴᠦᠨ ᠱᠧᠩ) ᠰᠤᠷᠪᠤᠯᠵᠢᠯᠠᠭᠴᠢ ᠯᠢᠶᠤᠤᠨᠢᠩ ᠮᠤᠵᠢ ᠶᠢᠨ ᠵᠠᠰᠠᠭ ᠤᠨ ᠤᠷᠳᠤᠨ ᠤ ᠬᠡᠪᠯᠡᠯ ᠮᠡᠳᠡᠬᠡᠯᠡᠯ ᠤᠨ ᠠᠯᠪᠠᠨ ᠤ 29 ᠤ ᠡᠳᠦᠷ ᠤᠨ ᠬᠤᠷᠠᠯ ᠡᠴᠡ ᠤᠶᠢᠯᠠᠭᠠᠭᠰᠠᠨ ᠢᠶᠡᠷ᠂ ᠯᠢᠶᠤᠤᠨᠢᠩ ᠮᠤᠵᠢ ᠶᠢᠨ ᠪᠠᠶᠢᠭᠤᠯᠤᠮᠵᠢ ᠶᠢᠨ ᠤᠷᠤᠨ ᠳᠤᠭᠠᠨ ᠤ ᠵᠦᠪᠯᠡᠯ ᠤᠨ ᠠᠯᠪᠠ ᠨᠢ ᠨᠠᠮ ᠵᠠᠰᠠᠭ ᠤᠨ ᠪᠠᠶᠢᠭᠤᠯᠤᠮᠵᠢ ᠶᠢᠨ ᠦᠬᠡᠷᠡᠴᠢᠯᠡᠯᠳᠡ᠂ ᠠᠵᠢᠯ ᠦᠢᠯᠡᠰ ᠤᠨ ᠨᠢᠬᠡᠴᠡ ᠶᠢᠨ ᠦᠬᠡᠷᠡᠴᠢᠯᠡᠯᠳᠡ ᠶᠢ ᠬᠢᠵᠤ᠂ ᠪᠠᠶᠢᠭᠤᠯᠤᠮᠵᠢ ᠶᠢᠨ ᠠᠵᠢᠯᠳᠠᠨ ᠤ ᠶᠡᠷᠦᠩᠬᠡᠢ ᠤᠷᠤᠨ ᠳᠤᠭ᠎ᠠ ᠶᠢ ᠴᠢᠩᠭ᠎ᠠ ᠬᠢᠵᠠᠭᠠᠷᠯᠠᠵᠤ ᠪᠤᠢ᠃

    ᠤᠶᠢᠷ᠎ᠠ ᠶᠢᠨ ᠵᠢᠯ ᠤᠳ ᠲᠤ᠂ ᠵᠠᠰᠠᠭ ᠤᠨ ᠤᠷᠳᠤᠨ ᠤ 55 ᠪᠠᠶᠢᠭᠤᠯᠤᠯᠭ᠎ᠠ(ᠨᠢᠬᠡᠴᠡ) ᠶᠢᠨ 85 ᠭᠠᠵᠠᠷ ᠪᠠ ᠠᠯᠪᠠᠨ ᠭᠡᠷ᠂ 192 ᠤᠳᠤᠷᠢᠳᠬᠤ ᠳᠤᠰᠢᠶᠠᠯ᠂ 104 ᠠᠵᠢᠯᠳᠠᠨ ᠤ ᠤᠷᠤᠨ ᠳᠤᠭ᠎ᠠ ᠶᠢ ᠴᠤᠮᠬᠠᠳᠬᠠᠪᠠ᠃ ᠪᠠᠰᠠ ᠮᠤᠵᠢ ᠶᠢᠨ ᠨᠠᠮ ᠵᠠᠰᠠᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ 300 ᠭᠠᠷᠤᠢ ᠠᠵᠢᠯᠳᠠᠨ ᠤ ᠤᠷᠤᠨ ᠳᠤᠭ᠎ᠠ ᠶᠢ ᠴᠤᠮᠬᠠᠳᠬᠠᠵᠤ᠂ ᠠᠵᠢᠯ ᠦᠢᠯᠡᠰ ᠤᠨ ᠨᠢᠬᠡᠴᠡ ᠶᠢᠨ ᠨᠡᠶᠢᠳᠡ 15 ᠳᠦᠮᠡᠨ ᠠᠵᠢᠯᠳᠠᠨ ᠤ ᠤᠷᠤᠨ ᠳᠤᠭ᠎ᠠ ᠶᠢ ᠡᠬᠡᠬᠦᠯᠦᠨ ᠠᠪᠤᠭᠰᠠᠨ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122037366