蒙古文网站Logo
ᠰᠢᠨᠬᠤᠸᠠ ᠮᠤᠩᠭ᠋ᠤᠯ ᠨᠧᠲ

ᠲᠢᠶᠠᠨᠵᠢᠨ ᠤ ᠨᠢᠭᠡᠨ ᠲᠤᠮᠤ ᠠᠰᠠᠷ ᠲᠤ ᠭᠠᠯ ᠭᠠᠷᠴᠤ 10 ᠬᠦᠮᠦᠨ ᠡᠨᠳᠡᠪᠡ

2017-12-01 16:30

    ᠰᠢᠨᠬᠤᠸᠠ ᠬᠤᠷᠢᠶ᠎ᠠ   ᠲᠢᠶᠠᠨᠵᠢᠨ ᠤ 12 ᠰᠠᠷ᠎᠎ᠠ ᠶᠢᠨ 1 ᠤ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠵᠠᠩ ᠵᠢᠶᠠᠨ ᠰᠢᠨ᠂ ᠵᠠᠢ ᠶᠦᠩ ᠭᠤᠸᠠᠨ) ᠰᠤᠷᠪᠤᠯᠵᠢᠯᠠᠭᠴᠢ ᠲᠢᠶᠠᠨᠵᠢᠨ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠡᠴᠡ ᠤᠶᠢᠯᠠᠭᠠᠭᠰᠠᠨ ᠢᠶᠡᠷ᠂ 1 ᠤ ᠡᠳᠦᠷ ᠤᠨ ᠦᠦᠷ ᠢᠶᠡᠷ ᠲᠢᠶᠠᠨᠵᠢᠨ ᠬᠤᠲᠠ ᠶᠢᠨ ᠾᠸ ᠰᠢ ᠲᠤᠭᠤᠷᠢᠭ ᠤᠨ ᠨᠢᠭᠡᠨ ᠲᠤᠮᠤ ᠠᠰᠠᠷ ᠲᠤ ᠭᠠᠯ ᠭᠠᠷᠴᠤ 10 ᠬᠦᠮᠦᠨ ᠡᠨᠳᠡᠪᠡ᠃

    1 ᠤ ᠡᠳᠦᠷ ᠤᠨ ᠦᠦᠷ ᠤᠨ 4᠄00 ᠴᠠᠭ ᠤᠷᠴᠢᠮ᠂ ᠲᠢᠶᠠᠨᠵᠢᠨ ᠬᠤᠲᠠ ᠶᠢᠨ ᠾᠸ ᠰᠢ ᠲᠤᠭᠤᠷᠢᠭ ᠤᠨ ᠶᠸᠤ ᠡᠢ ᠵᠠᠮ ᠪᠤᠯᠤᠨ ᠫᠢᠩ ᠵᠢᠶᠠᠩ ᠵᠠᠮ ᠤᠨ ᠠᠭᠤᠯᠵᠠᠷ ᠲᠠᠬᠢ ᠬᠤᠲᠠ ᠶᠢᠨ ᠲᠤᠮᠤ ᠠᠰᠠᠷ ᠤᠨ 38 ᠳ᠋ᠤᠭᠠᠷ ᠳᠠᠪᠬᠤᠷ ᠲᠤ ᠭᠠᠯ ᠭᠠᠷᠪᠠ᠃ ᠤᠳᠤᠬᠠᠨ ᠳᠤ ᠭᠠᠯ ᠢ ᠨᠢᠭᠡᠨᠲᠡ ᠤᠨᠲᠠᠷᠠᠭᠠᠵᠠᠢ᠃ ᠭᠠᠵᠠᠷ ᠳᠡᠭᠡᠷ᠎ᠠ ᠨᠢ ᠠᠬᠢᠨ ᠳᠠᠬᠢᠨ ᠪᠠᠶᠢᠴᠠᠭᠠᠨ ᠲᠤᠳᠤᠯᠠᠭᠰᠠᠨ ᠤ ᠡᠴᠤᠰ ᠲᠤ 10 ᠬᠦᠮᠦᠨ ᠡᠨᠳᠡᠭᠰᠡᠨ ᠢ ᠳᠤᠳᠤᠷᠠᠭᠤᠯᠵᠤ᠂ ᠬᠦᠩᠭᠡᠨ ᠰᠢᠷᠬᠠᠳᠤᠬᠰᠠᠨ 5 ᠬᠦᠮᠦᠨ ᠢ ᠤᠳᠤ ᠶᠠᠭ ᠡᠮᠨᠡᠯᠭᠡ ᠳᠤ ᠬᠦᠷᠬᠡᠨ ᠡᠮᠴᠢᠯᠡᠭᠦᠯᠵᠤ ᠪᠤᠢ᠃

    ᠭᠠᠯ ᠭᠠᠷᠤᠭᠰᠠᠨ ᠰᠢᠯᠲᠠᠭᠠᠨ ᠢ ᠤᠯᠠᠮ ᠴᠢᠨᠠᠭᠰᠢᠲᠠ ᠪᠠᠶᠢᠴᠠᠭᠠᠵᠤ ᠪᠠᠶᠢᠨ᠎ᠠ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠨᠢᠭᠡᠨᠲᠡ ᠰᠠᠭᠠᠲᠠᠭᠠᠪᠠ᠃ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢ ᠬᠦᠴᠦᠨ ᠦᠭᠡᠢ ᠪᠤᠯᠭᠠᠵᠤ᠂ ᠬᠦᠮᠤᠨ ᠢ ᠠᠪᠤᠷᠠᠨ ᠲᠤᠰᠠᠯᠠᠬᠤ᠂ ᠬᠤᠶᠢᠲᠤᠬᠢ ᠠᠵᠢᠯ ᠢ ᠨᠢ ᠲᠦᠪᠬᠢᠨᠡᠭᠦᠯᠬᠦ ᠵᠡᠷᠭᠡ ᠠᠵᠢᠯᠯᠠᠭ᠎ᠠ ᠶᠠᠭ ᠶᠠᠪᠤᠭᠳᠠᠵᠤ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122044217