ᠰᠠᠶᠢᠬᠠᠨᠲᠠᠪᠠᠭ᠎ᠠ ᠶᠢᠨ ᠤᠶᠢᠵᠢᠭᠤᠯᠤᠭᠴᠢᠳ 《ᠡᠬᠡ ᠲᠡᠯᠡᠬᠡᠢ ᠶᠢᠨ ᠬᠠᠮᠠᠭᠠᠯᠠᠭᠴᠢ》ᠲᠡᠭᠡᠳᠦ ᠱᠠᠩᠨᠠᠯ ᠤᠨ ᠡᠵᠡᠨ ᠶᠢᠡᠷ ᠲᠤᠲᠤᠷᠠᠪᠠ 2017-12-06 13:34

    ᠰᠢᠨᠬᠤᠧᠠ ᠬᠤᠷᠢᠶ᠎ᠠ   ᠨᠠᠶᠢᠷᠤᠪᠢ ᠶᠢᠨ 12 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠰᠢᠶᠤᠤ ᠫᠧᠩ᠂ ᠢᠦᠢ ᠵᠢᠶᠠ ᠰᠢᠨ ) ᠭᠤᠷᠪᠠᠨ ᠦᠶ᠎ᠠ ᠶᠢᠨ ᠬᠦᠮᠦᠰ  ᠬᠠᠭᠠᠰ ᠵᠠᠭᠤᠨ ᠤ ᠲᠤᠷᠰᠢ ᠴᠢᠷᠮᠠᠶᠢᠨ ᠲᠡᠮᠡᠴᠡᠵᠦ᠂ ᠬᠠᠯᠴᠠᠭᠠᠢ ᠨᠢᠴᠦᠬᠦᠨ ᠡᠯᠡᠰᠦᠷᠬᠡᠭ᠌ ᠭᠠᠵᠠᠷ ᠪᠠᠢᠢᠬᠰᠠᠨ ᠰᠠᠢᠢᠬᠠᠨᠳᠠᠪᠠᠭ᠎ᠠ  ᠢᠢ ᠴᠡᠩᠬᠡᠭ᠌ ᠤᠰᠤ ᠬᠦᠬᠡᠮᠲᠦᠭ ᠠᠭᠤᠯᠠ ᠪᠤᠯᠭᠠᠨ ᠬᠤᠪᠢᠷᠠᠭᠤᠯᠤᠨ ᠲᠡᠯᠡᠬᠡᠢ ᠨᠡᠶᠢᠲᠡ ᠶᠢᠨ ᠬᠢᠨ ᠤ ᠰᠠᠶᠢᠨ ᠦᠨᠡᠯᠡᠭᠡ ᠶᠢ ᠤᠯᠪᠠ᠃ 5 ᠤ ᠡᠲᠦᠷ ᠨᠢᠭᠡᠲᠦᠭᠰᠨ ᠦᠨᠳᠦᠰᠦᠨ ᠤ ᠪᠠᠶᠢᠭᠤᠯᠤᠯᠭ᠎ᠠ ᠶᠢᠨ ᠪᠠᠶᠢᠭᠠᠯᠢ ᠤᠷᠴᠢᠨ ᠤ ᠭᠠᠵᠠᠷ ᠡᠴᠡ ᠮᠡᠲᠡᠭᠡᠯᠡᠭᠰᠡᠨ ᠶᠢᠡᠷ᠂ ᠲᠤᠮᠲᠠᠲᠤ ᠤᠯᠤᠰ ᠤᠨ ᠰᠠᠶᠢᠬᠠᠨᠲᠠᠪᠠᠭ᠎ᠠ ᠶᠢᠨ ᠤᠶᠢᠵᠢᠭᠤᠯᠤᠭᠴᠢᠳ 2017 ᠤᠨ ᠤ ᠨᠢᠭᠡᠲᠦᠭᠰᠨ ᠦᠨᠳᠦᠰᠦᠨ ᠤ ᠪᠠᠶᠢᠭᠤᠯᠤᠯᠭ᠎ᠠ ᠶᠢᠨ ᠪᠠᠶᠢᠭᠠᠯᠢ ᠤᠷᠴᠢᠨ ᠢ ᠬᠠᠮᠠᠭᠠᠯᠠᠬᠤ《 ᠡᠬᠡ ᠲᠡᠯᠡᠬᠡᠢ ᠶᠢᠨ ᠬᠠᠮᠠᠭᠠᠯᠠᠭᠴᠢ》ᠲᠡᠭᠡᠳᠦ ᠱᠠᠩᠨᠠᠯ ᠤᠨ ᠡᠵᠡᠨ ᠪᠤᠯᠵᠠᠢ᠃

( ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠴᠸᠩ ᠴᠸᠩ )

    ᠰᠠᠶᠢᠬᠠᠨᠲᠠᠪᠠᠭ᠎ᠠ ᠪᠤᠯ ᠮᠠᠨ ᠤ ᠤᠯᠤᠰ ᠤᠨ ᠡᠾᠧᠪᠧᠢ ᠮᠤᠵᠢ ᠶᠢᠨ ᠤᠮᠠᠷᠠᠲᠤ ᠪᠦᠰᠡ ᠳ᠋ᠤ ᠪᠠᠶᠢᠷᠢᠯᠠᠵᠤ᠂ 9.3 ᠲᠦᠮᠡᠨ ᠡᠾᠧᠺᠲ᠋ᠠᠷ ᠭᠠᠵᠠᠷ ᠡᠵᠡᠯᠡᠨ᠎ᠡ᠃ ᠲᠡᠦᠬᠡᠨ ᠳ᠋ᠤ ᠬᠡᠲᠦ ᠶᠡᠬᠡ ᠤᠭᠲᠤᠯᠵᠤ ᠰᠦᠢᠳᠬᠡᠭ᠍ᠰᠡᠨ ᠡᠴᠡ ᠪᠤᠯᠵᠤ᠂ ᠭᠠᠵᠠᠷ ᠨᠤᠲᠤᠭ ᠨᠢ ᠴᠦᠯᠵᠢᠵᠦ᠂ ᠪᠠᠶᠢᠩᠭ᠋ᠤ ᠰᠢᠷᠤᠢ ᠰᠢᠭᠤᠷᠭ᠎ᠠ ᠲᠡᠭᠲᠡᠲᠡᠭ᠃ 1962 ᠤᠨ ᠳ᠋ᠤ ᠬᠡᠲᠦᠨ ᠵᠠᠭᠤᠨ ᠤᠶᠢᠵᠢᠭᠤᠯᠤᠭᠴᠢ ᠡᠨᠲᠡ ᠮᠤᠲᠤ ᠲᠠᠷᠢᠵᠤ ᠤᠶᠢᠵᠢᠭᠤᠯᠬᠤ ᠠᠵᠢᠯ ᠳ᠋ᠤ ᠤᠷᠤᠯᠴᠠᠨ᠂ ᠭᠤᠷᠪᠠᠨ ᠦᠶ᠎ᠠ ᠶᠢᠨ ᠬᠦᠮᠦᠰ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠡᠷ ᠤᠢ ᠪᠦᠷᠬᠦᠪᠴᠢ ᠶᠢᠨ ᠬᠡᠮᠵᠢᠶ᠎ᠠ 11.4% ᠪᠠᠶᠢᠭᠰᠠᠨ ᠡᠴᠡ ᠪᠠᠨ 80% ᠪᠤᠯᠤᠨ ᠨᠡᠮᠡᠭᠲᠡᠪᠡ᠃ ᠤᠲᠤᠬᠠᠨ ᠳ᠋ᠤ ᠡᠨᠳᠡᠬᠢ ᠤᠢ ᠮᠤᠲᠤᠳ ᠪᠡᠭᠡᠵᠢᠩ ᠲᠢᠶᠠᠨᠵᠢᠨ ᠳ᠋ᠤ 1.37 ᠳ᠋ᠦᠩᠰᠢᠭᠤᠷ ᠺᠦᠪ ᠮᠧᠲ᠋ᠷ ᠤᠨ ᠴᠡᠪᠡᠷ ᠤᠰᠤ ᠬᠠᠩᠭ᠋ᠠᠬᠤ ᠶᠢᠨ ᠬᠠᠮᠲᠤ 54.5 ᠲᠦᠮᠡᠨ ᠲᠤᠨ ᠬᠦᠴᠢᠯᠲᠦ᠋ᠷᠦᠭᠴᠢ ᠬᠠᠡᠭᠭᠠᠵᠦ ᠪᠤᠢ᠃

    《ᠡᠬᠡ ᠲᠡᠯᠡᠬᠡᠢ ᠶᠢᠨ ᠬᠠᠮᠠᠭᠠᠯᠠᠭᠴᠢ》ᠲᠡᠭᠡᠳᠦ ᠱᠠᠩᠨᠠᠯ 2005 ᠤᠨ ᠡᠴᠡ ᠡᠬᠢᠯᠡᠪᠡ᠃ ᠲᠡᠷᠡ ᠨᠢ ᠨᠢᠭᠡᠲᠦᠭᠰᠡᠨ ᠦᠨᠳᠦᠰᠦᠨ ᠤ ᠪᠠᠶᠢᠭᠤᠯᠤᠯᠭ᠎ᠠ ᠡᠴᠡ ᠲᠡᠯᠡᠬᠡᠢ ᠶᠢᠨ ᠡᠯ᠎ᠡ ᠭᠠᠵᠠᠷ ᠤᠷᠤᠨ ᠤ ᠪᠠᠶᠢᠭᠠᠯᠢ ᠤᠷᠴᠢᠨ ᠢ ᠬᠠᠮᠠᠭᠠᠯᠠᠬᠤ ᠠᠵᠢᠯ ᠳ᠋ᠤ ᠦᠵᠡᠬᠦᠯᠦᠭᠰᠡᠨ ᠭᠠᠷᠮᠠᠭᠠᠢ ᠬᠤᠪᠢ ᠬᠦᠮᠦᠨ ᠪᠠ ᠵᠤᠬᠢᠶᠠᠨ ᠪᠠᠶᠢᠭᠤᠯᠤᠯᠲᠠ ᠶᠢ ᠬᠦᠬᠢᠬᠦᠯᠦᠨ ᠱᠠᠩᠨᠠᠬᠤ ᠬᠠᠮᠤᠭ ᠤᠨ ᠲᠡᠭᠡᠳᠦ ᠱᠠᠩᠨᠠᠯ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
010070230030000000000000011120701122066702