蒙古文网站Logo
ᠰᠢᠨᠬᠤᠸᠠ ᠮᠤᠩᠭ᠋ᠤᠯ ᠨᠧᠲ

《ᠥᠪᠥᠷ ᠮᠣᠩᠭᠣᠯ ᠤᠨ ᠠᠷᠠᠳ ᠤᠨ ᠠᠮᠠᠨ ᠵᠣᠬᠢᠶᠠᠯ ᠤᠷᠠᠯᠢᠭ ᠰᠢᠨᠵᠢᠯᠡᠯ ᠦᠨ ᠰᠤᠳᠤᠯᠬᠤ ᠬᠤᠷᠠᠯ》 ᠪᠠᠶᠢᠭᠤᠯᠤᠭᠳᠠᠯ᠎ᠠ

2017-12-11 16:13

    ᠰᠢᠨᠬᠤᠧᠠ ᠮᠣᠩᠭᠣᠯ ᠨᠧᠲ   ᠬᠥᠬᠡᠬᠣᠲᠠ ᠶᠢᠨ 12 ᠰᠠᠷ᠎ᠠ ᠶᠢᠨ 10 ᠍ ᠤ ᠡᠳᠦᠷ ᠦᠨ ᠴᠠᠬᠢᠯᠭᠠᠨ ᠮᠡᠳᠡᠭᠡ (ᠪᠣᠯᠣᠷᠴᠡᠴᠡᠭ᠂ ᠤᠶᠠᠬᠠᠨ) 12 ᠍  ᠰᠠᠷ᠎ᠠ ᠶᠢᠨ 10 ᠍ ᠤ ᠡᠳᠦᠷ᠂ 《ᠥᠪᠥᠷ ᠮᠣᠩᠭᠣᠯ ᠤᠨ ᠠᠷᠠᠳ ᠤᠨ ᠠᠮᠠᠨ ᠵᠣᠬᠢᠶᠠᠯ ᠤᠷᠠᠯᠢᠭ ᠰᠢᠨᠵᠢᠯᠡᠯ ᠦᠨ ᠰᠤᠳᠤᠯᠬᠤ ᠬᠤᠷᠠᠯ》 ᠪᠠᠶᠢᠭᠤᠯᠤᠭᠳᠠᠬᠤ ᠶᠣᠰᠣᠯᠠᠯ ᠵᠢᠴᠢ ᠥᠪᠥᠷ ᠮᠣᠩᠭᠣᠯ ᠤᠨ ᠠᠷᠠᠳ ᠤᠨ ᠠᠮᠠᠨ ᠵᠣᠬᠢᠶᠠᠯ ᠤᠷᠠᠯᠢᠭ ᠰᠢᠨᠵᠢᠯᠡᠯ ᠦᠨ ᠠᠩᠬᠠᠳᠠᠭᠴᠢ ᠬᠤᠷᠠᠯ ᠥᠪᠥᠷ ᠮᠣᠩᠭᠣᠯ ᠤᠨ ᠶᠡᠬᠡ ᠰᠤᠷᠭᠠᠭᠤᠯᠢ ᠳᠦ ᠪᠣᠯᠤᠯ᠎ᠠ᠃

ᠫᠠᠶᠢᠰᠠ ᠰᠡᠬᠦᠬᠦ ᠶᠤᠰᠤᠯᠠᠯ

    ᠬᠤᠷᠠᠯ ᠢᠶᠠᠷ᠂ ᠥᠪᠥᠷ ᠮᠣᠩᠭᠣᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠢᠨ ᠬᠣᠯᠪᠣᠭᠠᠳᠤ ᠬᠤᠷᠠᠯ ᠤᠨ ᠤᠳᠤᠷᠢᠳᠤᠯᠭ᠎ᠠ ᠠᠴᠠ《ᠥᠪᠥᠷ ᠮᠣᠩᠭᠣᠯ ᠤᠨ ᠠᠷᠠᠳ ᠤᠨ ᠠᠮᠠᠨ ᠵᠣᠬᠢᠶᠠᠯ ᠤᠷᠠᠯᠢᠭ ᠰᠢᠨᠵᠢᠯᠡᠯ ᠦᠨ ᠰᠤᠳᠤᠯᠬᠤ ᠬᠤᠷᠠᠯ ᠢ ᠪᠠᠶᠢᠭᠤᠯᠬᠤ ᠲᠤᠬᠠᠢ ᠵᠥᠪᠰᠢᠶᠡᠷᠡᠯ》ᠵᠢᠴᠢ 《ᠦᠪᠦᠷ ᠮᠣᠩᠭᠣᠯ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠦᠨ ᠵᠥᠪᠰᠢᠶᠡᠷᠡᠯ》 ᠍ ᠦᠨ ᠪᠢᠴᠢᠭ᠌ ᠢ ᠤᠩᠰᠢᠨ ᠵᠠᠷᠯᠠᠵᠤ᠂ ᠥᠪᠥᠷ ᠮᠣᠩᠭᠣᠯ ᠤᠨ ᠠᠷᠠᠳ ᠤᠨ ᠶᠠᠪᠤᠳᠠᠯ ᠤᠨ ᠲᠢᠩᠬᠢᠮ ᠤᠨ ᠤᠳᠤᠷᠢᠳᠤᠯᠭ᠎ᠠ ᠠᠴᠠ 《ᠵᠠᠰᠠᠭ ᠵᠠᠬᠢᠷᠭᠠᠨ ᠤ ᠵᠥᠪᠰᠢᠶᠡᠷᠡᠯ ᠦᠨ ᠰᠢᠢᠳᠪᠦᠷᠢ》 ᠍ ᠢ ᠵᠠᠷᠯᠠᠵᠠᠢ᠃ ᠬᠤᠷᠠᠯ ᠢᠶᠡᠷ ᠪᠠᠰᠠ ᠳᠤᠰ《ᠰᠤᠳᠤᠯᠬᠤ ᠬᠤᠷᠠᠯ》  ᠤᠨ ᠭᠡᠰᠢᠭᠦᠨ᠂ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ᠂ ᠣᠷᠣᠯᠠᠭᠴᠢ ᠨᠠᠷᠢᠨ ᠪᠢᠴᠢᠭ᠌ ᠦᠨ ᠳᠠᠷᠤᠭ᠎ᠠ᠂ ᠨᠠᠷᠢᠨ ᠪᠢᠴᠢᠭ᠌ ᠦᠨ ᠳᠠᠷᠤᠭ᠎ᠠ᠂ ᠬᠤᠷᠠᠯ ᠤᠨ ᠣᠷᠣᠯᠠᠭᠴᠢ ᠳᠠᠷᠤᠭ᠎ᠠ᠂ ᠬᠤᠷᠠᠯ ᠤᠨ ᠳᠠᠷᠤᠭ᠎ᠠ᠂ ᠬᠤᠷᠠᠯ ᠤᠨ ᠨᠡᠷ᠎ᠡ ᠬᠦᠨᠳᠦᠲᠦ ᠳᠠᠷᠤᠭ᠎ᠠ᠂ ᠡᠷᠳᠡᠮ ᠰᠢᠨᠵᠢᠯᠡᠭᠡᠨ ᠦ ᠺᠣᠮᠢᠰ ᠤᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ᠂ ᠠᠵᠢᠯᠲᠠᠨ ᠨᠠᠷ ᠢ ᠰᠣᠩᠭᠣᠨ ᠪᠠᠲᠤᠯᠠᠵᠠᠢ᠃

    《ᠥᠪᠥᠷ ᠮᠣᠩᠭᠣᠯ ᠤᠨ ᠠᠷᠠᠳ ᠤᠨ ᠠᠮᠠᠨ ᠵᠣᠬᠢᠶᠠᠯ ᠤᠷᠠᠯᠢᠭ ᠰᠢᠨᠵᠢᠯᠡᠯ ᠦᠨ ᠰᠤᠳᠤᠯᠬᠤ ᠬᠤᠷᠠᠯ》 ᠍ ᠤᠨ ᠳᠠᠷᠤᠭ᠎ᠠ ᠬᠦᠷᠡᠯᠱᠠ ᠫᠷᠣᠹᠧᠰᠰᠣᠷ ᠮᠠᠨ ᠤ ᠨᠧᠲ ᠲᠤ ᠶᠠᠷᠢᠯᠴᠠᠯᠭ᠎ᠠ ᠥᠭᠬᠦ ᠳᠦ ᠪᠡᠨ᠄ 《ᠠᠮᠠᠨ ᠵᠣᠬᠢᠶᠠᠯ ᠤᠷᠠᠯᠢᠭ ᠰᠢᠨᠵᠢᠯᠡᠯ ᠦᠨ ᠰᠤᠳᠤᠯᠬᠤ ᠬᠤᠷᠠᠯ ᠨᠢ ᠤᠯᠤᠰ ᠲᠠᠶᠠᠭᠠᠷ ᠤᠨ ᠪᠡᠶᠡᠲᠦ ᠪᠤᠰᠤ ᠰᠤᠶᠤᠯ ᠤᠨ ᠥᠪ ᠢ ᠬᠠᠮᠠᠭᠠᠯᠠᠬᠤ ᠪᠣᠳᠣᠯᠭ᠎ᠠ ᠶᠢᠨ ᠳᠠᠭᠠᠤ ᠪᠡᠶᠡᠲᠦ ᠪᠤᠰᠤ ᠰᠤᠶᠤᠯ ᠤᠨ ᠴᠢᠬᠤᠯᠠ ᠥᠪ ᠪᠣᠯᠤᠭᠰᠠᠨ ᠠᠷᠠᠳ ᠤᠨ ᠠᠮᠠᠨ ᠵᠣᠬᠢᠶᠠᠯ ᠪᠣᠯᠤᠨ ᠠᠷᠠᠳ ᠤᠨ ᠤᠷᠠᠯᠢᠭ ᠢ ᠰᠢᠰᠲ᠋ᠧᠮ ᠲᠡᠢ ᠪᠡᠷ ᠰᠤᠳᠤᠯᠵᠤ᠂ ᠪᠦᠬᠦ ᠲᠠᠯ᠎ᠠ ᠪᠠᠷ ᠬᠠᠮᠠᠭᠠᠯᠠᠵᠤ ᠤᠯᠠᠮᠵᠢᠯᠠᠬᠤ ᠡᠭᠦᠳᠡᠨ ᠡᠴᠡ ᠪᠠᠶᠢᠭᠤᠯᠤᠭᠳᠠᠭᠰᠠᠨ ᠶᠤᠮ᠃ ᠡᠨᠡ ᠨᠢ ᠥᠪᠥᠷ ᠮᠣᠩᠭᠣᠯ ᠣᠷᠣᠨ ᠳᠤ ᠠᠩᠬ᠎ᠠ ᠪᠠᠶᠢᠭᠤᠯᠤᠭᠳᠠᠵᠤ ᠪᠠᠶᠢᠭ᠎ᠠ ᠠᠷᠠᠳ ᠤᠨ ᠠᠮᠠᠨ ᠵᠤᠬᠢᠶᠠᠯ ᠤᠷᠠᠯᠢᠭ ᠰᠢᠨᠵᠢᠯᠡᠯ ᠤᠨ ᠰᠤᠳᠤᠯᠭᠠᠨ ᠤ ᠨᠡᠶᠢᠭᠡᠮᠯᠢᠭ ᠪᠣᠯᠤᠨ᠎ᠠ᠂ ᠡᠭᠦᠨ ᠡᠴᠡ ᠡᠮᠦᠨ᠎ᠡ ᠪᠢᠴᠢᠭ᠌ ᠦᠨ ᠵᠣᠬᠢᠶᠠᠯ᠂ ᠵᠣᠬᠢᠶᠠᠯᠴᠢᠳ ᠤᠨ ᠵᠣᠬᠢᠶᠠᠯ ᠪᠦᠲᠦᠭᠡᠯ ᠦᠨ ᠲᠤᠬᠠᠢ ᠣᠯᠠᠨ ᠬᠤᠷᠠᠯ ᠨᠡᠶᠢᠭᠡᠮᠯᠢᠭ ᠪᠠᠶᠢᠭᠤᠯᠤᠭᠳᠠᠵᠤ ᠪᠠᠶᠢᠯ᠎ᠠ᠃ ᠠᠷᠠᠳ ᠤᠨ ᠤᠷᠠᠯᠢᠭ ᠢ ᠪᠢᠳᠡ ᠰᠢᠰᠲ᠋ᠧᠮ ᠲᠡᠢ ᠪᠡᠷ ᠰᠤᠳᠤᠯᠵᠤ᠂ ᠬᠠᠮᠠᠭᠠᠯᠠᠵᠤ᠂ ᠤᠯᠠᠮᠵᠢᠯᠠᠵᠤ᠂ ᠬᠥᠭᠵᠢᠭᠦᠯᠬᠦ ᠴᠢᠬᠤᠯᠠᠲᠠᠢ ᠭᠡᠵᠦ ᠦᠵᠡᠵᠦ ᠪᠠᠶᠢᠨ᠎ᠠ᠃ ᠪᠢᠳᠡ ᠠᠷᠠᠳ ᠤᠨ ᠤᠷᠠᠯᠢᠭᠴᠢᠳ ᠤᠨ ᠡᠮᠦᠨ᠎ᠡ ᠡᠴᠡ ᠣᠨᠣᠯ ᠤᠨ ᠰᠤᠳᠤᠯᠭ᠎ᠠ ᠬᠢᠵᠦ᠂ ᠠᠷᠠᠳ ᠤᠨ ᠥᠪ ᠰᠣᠶᠣᠯ ᠢ ᠤᠯᠠᠮᠵᠢᠯᠠᠬᠤ ᠪᠣᠯ ᠣᠳᠣ ᠶᠢᠨ ᠥᠭᠡᠷᠡᠴᠢᠯᠡᠯᠲᠡ ᠨᠡᠭᠡᠭᠡᠯᠲᠡ᠂ ᠬᠣᠲᠠᠴᠢᠯᠠᠯᠲᠠ᠂ ᠲᠠᠧᠠᠷᠵᠢᠯᠲᠠ ᠶᠢᠨ ᠣᠷᠴᠢᠨ ᠳᠤ ᠮᠠᠰᠢ ᠶᠡᠬᠡ ᠠᠴᠢ ᠬᠣᠯᠪᠣᠭᠳᠠᠯ ᠲᠠᠢ ᠭᠡᠵᠦ ᠦᠵᠡᠵᠦ ᠪᠠᠶᠢᠨ᠎ᠠ᠃ ᠮᠠᠨ ᠤ ᠬᠢᠬᠦ ᠭᠣᠣᠯ ᠠᠵᠢᠯ ᠪᠣᠯ ᠡᠷᠳᠡᠮ ᠰᠢᠨᠵᠢᠯᠡᠭᠡᠨ ᠦ ᠰᠣᠯᠢᠯᠴᠠᠭ᠎ᠠ᠂ ᠠᠷᠠᠳ ᠤᠨ ᠠᠮᠠᠨ ᠵᠣᠬᠢᠶᠠᠯ ᠤᠷᠠᠯᠢᠭ ᠢ ᠬᠠᠮᠠᠭᠠᠯᠠᠬᠤ᠂ ᠰᠤᠳᠤᠯᠬᠤ᠂ ᠤᠯᠠᠮᠵᠢᠯᠠᠬᠤ᠂ ᠡᠷᠳᠡᠮ ᠰᠢᠨᠵᠢᠯᠡᠭᠡᠨ ᠦ ᠨᠣᠮ ᠪᠢᠴᠢᠭ᠌ ᠬᠡᠪᠯᠡᠭᠦᠯᠬᠦ᠂ ᠡᠷᠳᠡᠮ ᠰᠢᠨᠵᠢᠯᠡᠭᠡᠨ ᠦ ᠣᠯᠠᠨ ᠠᠷᠭ᠎ᠠ ᠬᠡᠮᠵᠢᠶ᠎ᠡ ᠵᠣᠬᠢᠶᠠᠨ ᠪᠠᠶᠢᠭᠤᠯᠬᠤ᠂ ᠮᠥᠨ ᠬᠠᠮᠲᠤ ᠪᠠᠷ ᠵᠣᠬᠢᠶᠠᠨ ᠪᠠᠶᠢᠭᠤᠯᠤᠯᠲᠠ ᠲᠠᠢ᠂ ᠲᠥᠯᠦᠪᠯᠡᠭᠡ ᠲᠡᠢ᠂ ᠰᠢᠰᠲ᠋ᠧᠮ ᠲᠡᠢ ᠪᠡᠷ ᠠᠷᠠᠳ ᠤᠨ ᠠᠮᠠᠨ ᠵᠣᠬᠢᠶᠠᠯ᠂ ᠤᠷᠠᠯᠢᠭ ᠢ ᠰᠤᠳᠤᠯᠬᠤ ᠪᠣᠯᠤᠨ᠎ᠠ》 ᠭᠡᠯ᠎ᠡ᠃

ᠤᠯᠠᠨ ᠤᠯᠤᠰ ᠤᠨ ᠮᠤᠩᠭ᠋ᠤᠯ ᠰᠤᠳᠤᠯᠤᠯ ᠤᠨ ᠬᠤᠯᠪᠤᠭᠠᠨ ᠤ ᠳᠡᠷᠢᠬᠦᠯᠡᠭᠴᠢ ᠰ•ᠴᠢᠯᠠᠭᠤᠨ

《ᠥᠪᠥᠷ ᠮᠣᠩᠭᠣᠯ ᠤᠨ ᠠᠷᠠᠳ ᠤᠨ ᠠᠮᠠᠨ ᠵᠣᠬᠢᠶᠠᠯ ᠤᠷᠠᠯᠢᠭ ᠰᠢᠨᠵᠢᠯᠡᠯ ᠦᠨ ᠰᠤᠳᠤᠯᠬᠤ ᠬᠤᠷᠠᠯ》 ᠍ ᠤᠨ ᠳᠠᠷᠤᠭ᠎ᠠ ᠬᠦᠷᠡᠯᠱᠠ

《ᠥᠪᠥᠷ ᠮᠣᠩᠭᠣᠯ ᠤᠨ ᠠᠷᠠᠳ ᠤᠨ ᠠᠮᠠᠨ ᠵᠣᠬᠢᠶᠠᠯ ᠤᠷᠠᠯᠢᠭ ᠰᠢᠨᠵᠢᠯᠡᠯ ᠦᠨ ᠰᠤᠳᠤᠯᠬᠤ ᠬᠤᠷᠠᠯ》 ᠍ ᠤᠨ ᠤᠨᠴᠠ ᠤᠷᠢᠭᠰᠠᠨ ᠰᠤᠳᠤᠯᠭᠠᠳᠠᠳ

ᠬᠡᠰᠢᠬᠦᠳ ᠤᠨ ᠬᠠᠮᠳᠤ ᠶᠢᠨ ᠵᠢᠷᠤᠭ

ᠢᠷᠡᠯᠳᠡ᠄ ᠰᠢᠨᠬᠤᠧᠠ ᠮᠣᠩᠭᠣᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122093041