蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ᠄ 80 ᠪᠦᠬᠦᠯᠢ ᠨᠠᠰᠤᠨ ᠡᠴᠡ ᠳᠡᠬᠡᠭᠰᠢᠬᠢ ᠬᠦᠮᠦᠰ ᠴᠦᠮ ᠦᠨᠳᠦᠷ ᠨᠠᠰᠤᠨ ᠤ ᠨᠦᠬᠦᠪᠦᠷᠢ ᠬᠦᠷᠳᠡᠪᠡ

2017-12-12 10:53

    ᠰᠢᠨᠬᠤᠧᠠ ᠬᠤᠷᠢᠶ᠎ᠠ    ᠬᠦᠬᠡᠬᠤᠳᠠ ᠶᠢᠨ 12 ᠰᠠᠷ᠎ᠠ ᠢᠢᠨ 11 ᠤ ᠡᠳᠦᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠸᠠᠩ ᠵᠢᠩ) ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠦᠷ ᠨᠠᠰᠤᠳᠠᠳ ᠤᠨ ᠠᠵᠢᠯ ᠤᠨ ᠺᠤᠮᠢᠰ ᠤᠨ ᠠᠯᠪᠠᠨ ᠬᠡᠷ ᠡᠴᠡ ᠤᠶᠢᠯᠠᠭᠠᠭᠰᠠᠨ ᠢᠶᠡᠷ᠂ ᠦᠪᠦᠷ ᠮᠤᠩᠭᠤᠯ ᠨᠢ ᠡᠨᠡ ᠵᠢᠯ ᠦᠨᠳᠦᠷ ᠨᠠᠰᠤᠨ ᠤ ᠨᠦᠬᠦᠪᠦᠷᠢ ᠤᠯᠭᠤᠬᠤ ᠪᠤᠳᠤᠯᠭ᠎ᠠ ᠶᠢ ᠪᠦᠬᠦ ᠳᠠᠯ᠎ᠠ ᠪᠡᠷ ᠬᠡᠷᠡᠭᠵᠢᠬᠦᠯᠦᠨ ᠤᠳᠤᠬᠠᠨ ᠪᠤᠯᠳᠠᠯ᠎ᠠ 80 ᠪᠦᠬᠦᠯᠢ ᠨᠠᠰᠤᠨ ᠡᠴᠡ ᠳᠡᠬᠡᠭᠰᠢᠬᠢ ᠨᠠᠰᠤᠳᠠᠳ ᠴᠦᠮ ᠰᠠᠷ᠎ᠠ ᠳᠤ 100 ᠳᠦᠬᠦᠷᠢᠭ᠌ ᠤᠨ ᠨᠦᠬᠦᠪᠦᠷᠢ ᠬᠦᠷᠳᠡᠵᠤ᠂ 100 ᠨᠠᠰᠤᠨ ᠡᠴᠡ ᠳᠡᠬᠡᠭᠰᠢᠬᠢ ᠨᠠᠰᠤᠳᠠᠳ ᠰᠠᠷ᠎ᠠ ᠳᠤ 600 ᠳᠦᠬᠦᠷᠢᠭ᠌ ᠤᠨ ᠨᠦᠬᠦᠪᠦᠷᠢ ᠬᠦᠷᠳᠡᠬᠦ ᠪᠤᠯᠵᠠᠢ᠃

    ᠰᠡᠬᠦᠯ ᠤᠨ ᠵᠢᠯ ᠤᠳ ᠲᠤ᠂ ᠦᠪᠦᠷ ᠮᠤᠩᠭᠤᠯ ᠨᠢ ᠦᠨᠳᠦᠷ ᠨᠠᠰᠤᠨ ᠤ ᠨᠦᠬᠦᠪᠦᠷᠢ ᠤᠯᠭᠤᠬᠤ ᠠᠵᠢᠯ ᠢ ᠢᠷᠬᠡᠳ ᠤᠨ ᠠᠮᠢᠵᠢᠷᠠᠭᠠᠨ ᠤ ᠬᠦᠨᠳᠦ ᠴᠢᠬᠤᠯᠠ ᠠᠵᠢᠯ ᠪᠤᠯᠭᠠᠨ ᠠᠳᠬᠤᠭᠰᠠᠭᠠᠷ ᠢᠷᠡᠪᠡ᠃ 2011 ᠤᠨ ᠳᠤ ᠡᠨᠡᠬᠦ ᠪᠤᠳᠤᠯᠭ᠎ᠠ ᠶᠢ ᠬᠡᠷᠡᠭᠵᠢᠬᠦᠯᠵᠤ ᠡᠬᠢᠯᠡᠭᠰᠡᠨ ᠡᠴᠡ ᠨᠠᠰᠢ ᠨᠦᠬᠦᠪᠦᠷᠢ ᠶᠢᠨ ᠪᠠᠷᠢᠮᠵᠢᠶ᠎ᠠ ᠪᠡᠨ ᠦᠷᠬᠦᠯᠵᠢᠯᠡᠨ ᠳᠡᠬᠡᠭᠰᠢᠯᠡᠬᠦᠯᠵᠤ᠂ 2016 ᠤᠨ ᠪᠤᠯᠬᠤ ᠳᠤ 100 ᠨᠠᠰᠤᠨ ᠡᠴᠡ ᠳᠡᠬᠡᠭᠰᠢᠬᠢ ᠦᠨᠳᠦᠷ ᠨᠠᠰᠤᠳᠠᠨ ᠤ ᠰᠠᠷ᠎ᠠ ᠶᠢᠨ 300 ᠳᠦᠬᠦᠷᠢᠭ᠌ ᠤᠨ ᠨᠦᠬᠦᠪᠦᠷᠢ ᠶᠢ ᠨᠡᠮᠡᠭᠳᠡᠬᠦᠯᠦᠬᠡᠳ 600 ᠳᠦᠬᠦᠷᠢᠭ᠌ ᠪᠤᠯᠭᠠᠵᠤ᠂ ᠤᠷᠤᠨ ᠲᠠᠶᠠᠭᠠᠷ ᠤᠨ ᠬᠡᠮᠵᠢᠶᠡᠨ ᠳᠤ ᠬᠤᠶᠠᠷᠬᠠᠨ ᠬᠤᠳᠠ ᠶᠢ ᠭᠠᠷᠭᠠᠪᠠᠯ ᠪᠤᠰᠤᠳ ᠨᠢ ᠴᠦᠮ ᠬᠡᠷᠡᠭᠵᠢᠬᠦᠯᠬᠦ ᠪᠤᠯᠤᠭᠰᠠᠨ ᠶᠤᠮ᠃ 2017 ᠤᠨ ᠳᠤ᠂ ᠤᠷᠤᠨ ᠲᠠᠶᠠᠭᠠᠷ ᠴᠦᠮ ᠦᠨᠳᠦᠷ ᠨᠠᠰᠤᠨ ᠤ ᠨᠦᠬᠦᠪᠦᠷᠢ ᠶᠢᠨ ᠪᠤᠳᠤᠯᠭ᠎ᠠ ᠶᠢ ᠬᠡᠷᠡᠭᠵᠢᠬᠦᠯᠵᠤ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ᠤ ᠭᠤᠷᠪᠠᠨ ᠱᠠᠳᠤᠨ ᠤ ᠰᠠᠩᠬᠦᠦ ᠡᠳ᠋ ᠤᠨ ᠵᠠᠰᠠᠭ ᠡᠴᠡ ᠨᠡᠶᠢᠳᠡ 5.8 ᠳ᠋ᠦᠩᠰᠢᠭᠤᠷ ᠳᠦᠬᠦᠷᠢᠭ᠌ ᠭᠠᠷᠭᠠᠵᠤ᠂ 48.4 ᠳᠦᠮᠡᠨ ᠦᠨᠳᠦᠷ ᠨᠠᠰᠤᠳᠠᠨ ᠳᠡᠬᠦᠨ ᠤ ᠠᠰᠢᠭ ᠢ ᠬᠦᠷᠳᠡᠯ᠎ᠡ᠃

    ᠤᠶᠢᠯᠠᠭᠠᠭᠰᠠᠨ ᠢᠶᠡᠷ᠂ ᠨᠠᠰᠤᠳᠠᠶᠢᠴᠤᠳ ᠲᠤ ᠵᠢᠩᠬᠢᠨᠢ ᠠᠰᠢᠭ ᠬᠦᠷᠳᠡᠬᠡᠬᠦ ᠶᠢᠨ ᠳᠤᠰᠠᠳᠠ ᠡᠨᠡᠬᠦ ᠦᠨᠳᠦᠷ ᠨᠠᠰᠤᠨ ᠤ ᠨᠦᠬᠦᠪᠦᠷᠢ ᠶᠢ ᠬᠦᠮᠦᠨ ᠪᠦᠷᠢ ᠶᠢᠨ ᠬᠤᠪᠢ ᠶᠢᠨ ᠪᠠᠩᠬᠢ ᠶᠢᠨ ᠳᠠᠩᠰᠠᠨ ᠳᠤ ᠰᠢᠭᠤᠳ ᠬᠢᠵᠤ ᠦᠭᠴᠤ ᠪᠠᠶᠢᠭ᠎ᠠ ᠶᠤᠮ ᠪᠠᠶᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122097308