蒙古文网站Logo
ᠰᠢᠨᠬᠤᠸᠠ ᠮᠤᠩᠭ᠋ᠤᠯ ᠨᠧᠲ

ᠨᠡᠶᠢᠲᠠ ᠶᠢᠨ ᠨᠤᠮ ᠤᠨ ᠰᠠᠩ ᠤᠨ ᠬᠠᠤᠯᠢ ᠶᠢ ᠢᠷᠡᠬᠦ ᠵᠢᠯ ᠡᠴᠡ ᠬᠡᠷᠡᠭᠵᠢᠭᠦᠯᠦᠨ᠎ᠠ

2017-12-15 13:37

    14  ᠤ ᠡᠳᠦᠷ᠂ ᠰᠤᠶᠤᠯ ᠤᠨ ᠶᠠᠮᠤᠨ ᠤ 2017 ᠤᠨ ᠤ ᠳᠦᠷᠪᠡᠳᠦᠬᠡᠷ ᠤᠯᠠᠷᠢᠯ ᠤᠨ ᠬᠡᠪᠯᠡᠯ ᠮᠡᠳᠡᠭᠡᠯᠡᠯ ᠤᠨ ᠬᠤᠷᠠᠯ ᠪᠡᠭᠡᠵᠢᠩ ᠳᠤ ᠶᠠᠪᠤᠭᠳᠠᠪᠠ᠃ ᠬᠤᠷᠠᠯ ᠢᠶᠡᠷ᠂ 《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠮ ᠤᠨ ᠰᠠᠩ ᠤᠨ ᠬᠠᠤᠯᠢ》ᠨᠡᠶᠢᠳᠡᠯᠡᠭᠳᠡᠭᠰᠡᠨ ᠨᠦᠬᠦᠴᠡᠯ ᠪᠠᠶᠢᠳᠠᠯ ᠪᠤᠯᠤᠨ ᠭᠤᠤᠯ ᠠᠭᠤᠯᠭ᠎ᠠ ᠶᠢ ᠲᠠᠨᠢᠯᠴᠠᠭᠤᠯᠬᠤ ᠶᠢᠨ ᠵᠡᠷᠭᠡᠴᠡᠭᠡ ᠲᠠᠶᠢᠯᠪᠤᠷᠢ ᠬᠢᠭ᠍ᠰᠡᠨ ᠪᠠᠶᠢᠨ᠎ᠠ᠃ ᠤᠶᠢᠯᠠᠭᠠᠬᠰᠠᠨ ᠢᠶᠡᠷ᠂ ᠲᠤᠰ ᠬᠠᠤᠯᠢ ᠪᠤᠯ ᠤᠯᠤᠰ ᠤᠨ ᠵᠡᠷᠬᠡᠯᠡᠯ ᠤᠨ ᠨᠡᠶᠢᠲᠠ ᠶᠢᠨ ᠰᠤᠶᠤᠯ ᠤᠨ ᠬᠦᠷᠢᠶ᠎ᠠ ᠴᠠᠷᠠᠭ᠎ᠠ ᠳ᠋ᠡᠬᠢ ᠠᠩᠬᠠᠨ ᠤ ᠲᠤᠰᠬᠠᠢ ᠬᠠᠤᠯᠢ ᠪᠤᠯᠤᠨ᠎ᠠ᠂ ᠲᠡᠬᠦᠨ ᠳᠤ ᠬᠤᠯᠪᠤᠭᠳᠠᠬᠰᠠᠨ ᠨᠡᠶᠢᠲᠠ ᠶᠢᠨ ᠨᠤᠮ ᠤᠨ ᠰᠠᠩ ᠤᠨ ᠥᠢᠯᠡᠴᠢᠯᠡᠬᠡ᠂ ᠪᠦᠲᠦᠬᠡᠨ ᠪᠠᠶᠢᠭᠤᠯᠤᠯᠲᠠ ᠵᠡᠷᠭᠡ ᠠᠷᠭ᠎ᠠ ᠬᠡᠮᠵᠢᠶ᠎ᠠ ᠨᠢ ᠬᠦᠮᠦᠰ ᠤᠨ ᠠᠩᠬᠠᠷᠤᠯ ᠳᠤ ᠬᠦᠷᠴᠠᠢ᠃

    《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠮ ᠤᠨ ᠰᠠᠩ ᠤᠨ ᠬᠠᠤᠯᠢ》 ᠶ᠋ᠢ 2018 ᠤᠨ ᠤ 1 ᠰᠠᠷ᠎ᠠ ᠶᠢᠨ 1 ᠤ ᠡᠳᠦᠷ ᠡᠴᠡ ᠡᠬᠢᠯᠡᠵᠤ ᠬᠡᠷᠡᠭᠵᠢᠭᠦᠯᠦᠨ᠎ᠠ᠃ ᠡᠨᠡᠬᠦ ᠬᠠᠤᠯᠢ ᠳᠤ᠂ ᠨᠡᠶᠢᠲᠠ ᠶᠢᠨ ᠨᠤᠮ ᠤᠨ ᠰᠠᠩ ᠤᠨ ᠪᠦᠲᠦᠬᠡᠨ ᠪᠠᠶᠢᠭᠤᠯᠤᠯᠲᠠ᠂ ᠠᠵᠢᠯᠯᠠᠭ᠎ᠠ᠂ ᠥᠢᠯᠡᠴᠢᠯᠡᠬᠡ᠂ ᠬᠠᠮᠢᠶᠠᠷᠤᠯᠲᠠ ᠪᠤᠯᠤᠨ ᠪᠠᠲᠤᠯᠠᠭ᠎ᠠ ᠵᠡᠷᠭᠡ ᠲᠠᠯ᠎ᠠ ᠪᠡᠷ ᠲᠤᠳᠤᠷᠬᠠᠢ ᠲᠤᠬᠳᠠᠭᠠᠯ ᠭᠠᠷᠭᠠᠬᠰᠠᠨ ᠪᠦᠬᠡᠳ ᠤᠨᠴᠠᠭᠠᠶᠢᠯᠠᠨ ᠲᠦᠯᠦᠪᠦᠷᠢ ᠦᠬᠡᠢ ᠥᠢᠯᠡᠴᠢᠯᠡᠬᠡᠨ ᠤ ᠲᠠᠯ᠎ᠠ ᠪᠡᠷ ᠳᠦᠷᠪᠡᠨ ᠲᠦᠷᠦᠯ ᠳᠤᠷᠠᠳᠪᠠ᠄ ᠲᠤᠰᠪᠤᠷᠢ ᠰᠤᠷᠪᠤᠯᠵᠢ ᠪᠢᠴᠢᠭ᠌ ᠤᠨ ᠰᠤᠷᠠᠭ ᠵᠠᠩᠬᠢ ᠶᠢ ᠯᠠᠪᠯᠠᠨ ᠠᠰᠠᠭᠤᠬᠤ᠂ ᠵᠢᠬᠡᠯᠡᠬᠦ; ᠤᠩᠰᠢᠯᠭ᠎ᠠ ᠶᠢᠨ ᠥᠷᠦᠬᠡ᠂ ᠳᠠᠪᠲᠠᠯᠭ᠎ᠠ ᠶᠢᠨ ᠥᠷᠥᠬᠡ ᠵᠡᠷᠭᠡ ᠨᠡᠶᠢᠲᠠ ᠶᠢᠨ ᠤᠷᠤᠨ ᠵᠠᠢ ᠶᠢᠨ ᠪᠡᠯᠡᠳᠭᠡᠮᠵᠢ ᠪᠠ ᠲᠠᠯᠠᠪᠤᠷ ᠨᠡᠬᠡᠬᠡᠯᠲᠠ ᠲᠠᠢ; ᠨᠡᠶᠢᠲᠠ ᠶᠢᠨ ᠬᠠᠯᠠᠮᠵᠢ ᠶᠢᠨ ᠴᠢᠨᠠᠷᠲᠠᠢ ᠢᠯᠡᠳᠭᠡᠯ᠂ ᠤᠩᠰᠢᠯᠭ᠎ᠠ ᠶᠢᠨ ᠳᠡᠯᠭᠡᠷᠡᠭᠦᠯᠦᠯᠲᠠ᠂ ᠰᠤᠷᠭᠠᠯᠲᠠ᠂ ᠦᠵᠡᠰᠭᠦᠯᠡᠩ; ᠤᠯᠤᠰ ᠡᠴᠡ ᠲᠤᠭᠲᠠᠭᠠᠭᠰᠠᠨ ᠪᠤᠰᠤᠳ ᠲᠦᠯᠦᠪᠦᠷᠢ ᠦᠬᠡᠢ ᠥᠢᠯᠡᠴᠢᠯᠡᠬᠡᠨ ᠤ ᠲᠦᠷᠦᠯ ᠵᠡᠷᠬᠡ ᠪᠠᠭᠳᠠᠨ᠎ᠠ᠃

ᠢᠷᠡᠯᠳᠡ᠄ ᠳᠤᠮᠳᠠᠳᠤ ᠤᠯᠤᠰ ᠤᠨ ᠰᠣᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122116209