蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠮᠠᠯᠵᠢᠬᠤ ᠣᠷᠣᠨ ᠤ ᠨᠦᠭᠡᠴᠡ ᠪᠠᠶᠠᠯᠢᠭ ᠤᠨ ᠬᠠᠮᠲᠤ ᠶᠢᠨ ᠠᠵᠢᠯᠯᠠᠭᠠᠨ ᠤ ᠬᠤᠶᠠᠳᠡᠬᠢ ᠳᠡᠭᠡᠳᠦ ᠲᠦᠪᠰᠢᠨ ᠤ ᠹᠣᠷᠦ᠋ᠮ ᠨᠡᠭᠡᠭᠡᠯᠳᠡ ᠪᠡᠨ ᠬᠢᠯ᠎ᠡ

2017-12-16 15:58

    ᠰᠢᠨᠬᠤᠸᠠ ᠮᠣᠩᠭᠣᠯ ᠨᠧᠲ   ᠬᠦᠬᠡᠬᠣᠲᠠ ᠶᠢᠨ 12 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ (ᠪᠤᠯᠤᠷᠴᠡᠴᠡᠭ᠂ ᠤᠶᠠᠬᠠᠨ) 16 ᠤ ᠡᠳᠦᠷ᠂ ᠦᠪᠦᠷ ᠮᠣᠩᠭᠣᠯ ᠤᠨ ᠮᠠᠯᠵᠢᠬᠤ ᠣᠷᠣᠨ ᠤ ᠨᠦᠭᠡᠴᠡ ᠪᠠᠶᠠᠯᠢᠭ ᠤᠨ ᠬᠠᠮᠲᠤ ᠶᠢᠨ ᠠᠵᠢᠯᠯᠠᠭᠠᠨ ᠤ ᠬᠤᠶᠠᠳᠡᠬᠢ ᠳᠡᠭᠡᠳᠦ ᠲᠦᠪᠰᠢᠨ ᠤ ᠹᠣᠷᠦ᠋ᠮ ᠪᠤᠯᠤᠨ《ᠬᠠᠮᠲᠤ ᠰᠢᠯᠢᠳᠡᠭ ᠪᠦᠲᠦᠭᠡᠭ᠍ᠳᠡᠬᠦᠨ》ᠨᠡᠶᠢᠲᠡᠯᠡᠬᠦ ᠬᠤᠷᠠᠯ ᠬᠦᠬᠡᠬᠣᠲᠠ ᠳᠤ ᠨᠡᠬᠡᠭᠡᠯᠲᠡ ᠪᠡᠨ ᠬᠢᠯ᠎ᠡ᠃

    ᠦᠪᠦᠷ ᠮᠣᠩᠭᠣᠯ ᠤᠨ ᠮᠠᠯᠵᠢᠬᠤ ᠣᠷᠣᠨ ᠤ ᠨᠦᠭᠡᠴᠡ ᠪᠠᠶᠠᠯᠢᠭ ᠤᠨ ᠬᠠᠮᠲᠤ ᠶᠢᠨ ᠠᠵᠢᠯᠯᠠᠭᠠᠨ ᠤ ᠡᠪᠯᠡᠯ ᠡᠴᠡ ᠰᠠᠨᠠᠭᠠᠴᠢᠯᠠᠵᠤ᠂ ᠦᠪᠦᠷ ᠮᠣᠩᠭᠣᠯ ᠤᠨ ᠬᠠᠮᠲᠤ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠠᠴᠠ ᠵᠣᠬᠢᠶᠠᠨ ᠪᠠᠶᠢᠭᠤᠯᠵᠤ ᠪᠠᠶᠢᠭ᠎ᠠ ᠡᠨᠡᠬᠦ ᠹᠣᠷᠦ᠋ᠮ ᠨᠢ 《ᠮᠠᠯᠴᠢᠨ ᠲᠠᠷᠢᠶᠠᠴᠢᠳ ᠤᠨ ᠣᠷᠤᠯᠭ᠎ᠠ ᠶᠢ ᠲᠤᠭᠲᠠᠪᠤᠷᠢᠵᠢᠭᠤᠯᠤᠨ ᠨᠡᠮᠡᠭᠳᠡᠭᠦᠯᠬᠦ ᠠᠷᠭ᠎ᠠ ᠵᠠᠮ ᠪᠠ ᠬᠣᠯᠪᠤᠭᠳᠠᠬᠤ ᠰᠢᠰᠲ᠋ᠧᠮ ᠢ ᠪᠦᠲᠦᠭᠡᠨ ᠪᠠᠶᠢᠭᠤᠯᠬᠤ》ᠭᠤᠤᠯ ᠰᠡᠳᠦᠪ ᠤᠨ ᠳᠤᠭᠤᠷᠢᠨ ᠳᠤ ᠡᠷᠳᠡᠮᠲᠡᠨ ᠮᠡᠷᠭᠡᠵᠢᠯᠲᠡᠨ᠂ ᠠᠵᠦ ᠠᠬᠤᠢᠢᠯᠠᠯᠲᠠᠨ᠂ ᠮᠠᠯᠴᠢᠨ ᠲᠠᠷᠢᠶᠠᠴᠢᠳ ᠤᠨ ᠬᠠᠮᠳᠤᠷᠠᠭᠰᠠᠨ ᠰᠣᠳᠤᠯᠤᠨ ᠶᠠᠷᠢᠯᠴᠠᠯᠭ᠎ᠠ ᠦᠷᠨᠢᠬᠦᠯᠬᠦ᠂《ᠬᠠᠮᠲᠤ ᠰᠢᠯᠢᠳᠡᠭ ᠪᠦᠲᠦᠭᠡᠭ᠍ᠳᠡᠬᠦᠨ》 ᠢ ᠨᠡᠶᠢᠲᠡᠯᠡᠨ ᠳᠠᠨᠢᠯᠴᠠᠭᠤᠯᠬᠤ᠂ ᠪᠦᠲᠦᠭᠡᠭ᠍ᠳᠡᠬᠦᠨ ᠳᠡᠯᠭᠡᠨ ᠪᠣᠷᠤᠯᠠᠭᠤᠯᠬᠤ ᠵᠡᠷᠬᠡ ᠠᠭᠤᠯᠭ᠎ᠠ ᠪᠡᠷ 16 ᠡᠴᠡ 17 ᠤ ᠡᠳᠦᠷ ᠪᠤᠯᠳᠠᠯ᠎ᠠ ᠬᠦᠬᠡᠬᠤᠳᠠ ᠶᠢᠨ ᠰᠢᠨ᠎ᠡ ᠬᠤᠳᠠ ᠵᠤᠴᠢᠳ ᠪᠠᠭᠤᠳᠠᠯ ᠳᠤ ᠬᠣᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃

    ᠦᠪᠦᠷ ᠮᠣᠩᠭᠣᠯ ᠤᠨ ᠮᠠᠯᠵᠢᠬᠤ ᠣᠷᠣᠨ ᠤ ᠨᠦᠭᠡᠴᠡ ᠪᠠᠶᠠᠯᠢᠭ ᠤᠨ ᠬᠠᠮᠲᠤ ᠶᠢᠨ ᠠᠵᠢᠯᠯᠠᠭᠠᠨ ᠤ ᠡᠪᠯᠡᠯ ᠨᠢ 2015 ᠣᠨ ᠳᠤ ᠠᠩᠬ᠎ᠠ ᠪᠠᠶᠢᠭᠤᠯᠤᠭᠳᠠᠭᠰᠠᠨ ᠦᠪᠦᠷ ᠮᠣᠩᠭᠣᠯ ᠤᠨ ᠬᠦᠳᠡᠭᠡ ᠣᠷᠤᠨ ᠨᠤᠲᠤᠭ ᠤᠨ ᠮᠠᠯ ᠠᠵᠤ ᠠᠬᠤᠢ ᠶᠢᠨ ᠦᠢᠯᠡᠰ ᠡᠷᠬᠢᠯᠡᠳᠡᠭ ᠪᠠᠶᠢᠭᠤᠯᠤᠯᠭ᠎ᠠ ᠨᠢᠭᠡᠴᠡ᠂ ᠬᠣᠷᠰᠢᠶᠠᠵᠢᠯ᠂ ᠮᠠᠯᠴᠢᠳ ᠬᠢᠭᠡᠳ ᠬᠠᠮᠢᠶᠠᠲᠠᠢ ᠰᠠᠯᠪᠤᠷᠢ ᠶᠢᠨ ᠬᠢᠨ ᠤ ᠰᠠᠶᠢᠨ ᠳᠤᠷ᠎ᠠ ᠶᠢᠨ ᠣᠷᠣᠯᠴᠠᠭ᠎ᠠ ᠲᠠᠢ ᠣᠷᠤᠨ ᠨᠤᠲᠤᠭ ᠤᠨ ᠴᠢᠨᠠᠷᠲᠠᠢ᠂ ᠠᠰᠢᠭ ᠣᠷᠤᠯᠭ᠎ᠠ ᠶᠢᠨ ᠪᠣᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠬᠤ ᠶᠤᠮ᠃ ᠡᠪᠯᠡᠯ ᠨᠢ ᠭᠣᠣᠯᠳᠠᠭᠤ ᠦᠷᠬᠡᠡ ᠣᠯᠠᠨ ᠮᠠᠯᠴᠢᠨ ᠲᠠᠷᠢᠶᠠᠴᠢᠨ ᠳᠤ ᠦᠢᠯᠡᠳᠪᠦᠷᠢᠯᠡᠯ᠂ ᠠᠮᠢᠳᠤᠷᠠᠯ ᠤᠨ ᠲᠦᠪᠯᠡᠷᠡᠭᠰᠡᠨ ᠮᠠᠲ᠋ᠧᠷᠢᠶᠠᠯ ᠬᠠᠩᠭ᠋᠌ᠠᠵᠤ᠂ ᠦᠢᠯᠡᠳᠪᠦᠷᠢᠯᠡᠯ ᠠᠮᠢᠳᠤᠷᠠᠯ ᠤᠨ ᠬᠢᠨᠢ ᠦᠪᠡᠷ ᠤᠨ ᠦᠷᠲᠡᠭ ᠢ ᠪᠠᠭᠤᠷᠠᠭᠤᠯᠬᠤ; ᠮᠠᠯᠵᠢᠬᠤ ᠲᠠᠷᠢᠶᠠᠯᠠᠬᠤ ᠦᠢᠯᠡᠰ ᠡᠷᠬᠢᠯᠡᠭᠴᠢᠳ ᠤᠨ ᠲᠣᠭᠲᠠᠪᠤᠷᠢᠲᠠᠢ ᠣᠷᠤᠯᠭ᠎ᠠ ᠶᠢ ᠪᠠᠲᠤᠯᠠᠨ᠂ ᠲᠡᠷᠡᠴᠢᠯᠡᠨ ᠣᠷᠤᠯᠭ᠎ᠠ ᠶᠢ ᠨᠢ ᠨᠡᠮᠡᠭᠳᠡᠬᠦᠯᠵᠦ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠳᠤᠯᠭ᠎ᠠ ᠳ᠋ᠤ ᠬᠣᠪᠢ ᠨᠡᠮᠡᠷᠢᠯᠡᠬᠦ; ᠮᠠᠯᠵᠢᠬᠤ ᠲᠠᠷᠢᠶᠠᠯᠠᠬᠤ ᠦᠢᠯᠡᠰ ᠤᠨ ᠰᠤᠷᠠᠭ ᠵᠠᠩᠬᠢᠵᠢᠯᠲᠠ ᠶᠢ ᠰᠢᠯᠢᠳᠡᠭᠵᠢᠭᠦᠯᠬᠦ ᠦᠢᠯᠡᠴᠢᠯᠡᠭᠡᠨ ᠤ ᠳᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠲᠣᠮᠤ ᠳ᠋ᠠᠶᠢᠲ᠋ᠠ ᠶᠢᠨ ᠵᠠᠳᠠᠯᠤᠯᠲᠠ ᠪᠠᠷ ᠵᠠᠬ᠎ᠠ ᠵᠡᠭᠡᠯᠢ ᠶᠢᠨ ᠠᠵᠢᠯᠯᠠᠭᠠᠨ ᠤ ᠲᠣᠭᠲᠠᠯᠴᠠᠭ᠎ᠠ ᠶᠢ ᠪᠠᠲᠤᠯᠠᠬᠤ ᠵᠡᠷᠭᠡ ᠬᠦᠷᠢᠶᠡᠨ ᠳᠤ ᠦᠢᠯᠡ ᠠᠵᠢᠯᠯᠠᠭ᠎ᠠ ᠶᠠᠪᠤᠭᠳᠠᠭᠤᠯᠳᠠᠭ᠃

    ᠳᠤᠰ ᠡᠪᠯᠡᠯ ᠨᠢ ᠣᠳᠣ ᠪᠠᠷ 12 ᠠᠶᠢᠮᠠᠭ ᠬᠤᠲᠠ ᠳ᠋ᠤ ᠬᠣᠪᠢᠶᠠᠷᠢ ᠡᠪᠯᠡᠯ ᠲᠠᠢ᠂ 103 ᠬᠤᠰᠢᠭᠤ ᠰᠢᠶᠠᠨ ᠳᠤ ᠦᠢᠯᠡᠴᠢᠯᠡᠭᠡᠨ ᠤ ᠲᠦᠪ ᠲᠡᠢ᠂ ᠨᠡᠶᠢᠲᠡ 103 ᠳ᠋ᠠᠶᠢᠲ᠋ᠠ ᠦᠷᠲᠡᠭᠡ ᠲᠡᠢ᠃ ᠡᠪᠯᠨᠯ ᠤᠨ ᠬᠡᠰᠢᠭᠦᠨ 868 ᠬᠦᠷᠴᠦ᠂ ᠮᠦᠨ 160 ᠠᠵᠤ ᠠᠬᠤᠢ ᠶᠢᠨ ᠨᠢᠭᠡᠴᠡ᠂ 455 ᠮᠠᠯᠵᠢᠬᠤ ᠬᠣᠷᠰᠢᠶᠠᠵᠢᠯ᠂ 253 ᠮᠠᠯᠵᠢᠬᠤ ᠡᠷᠦᠬᠡ ᠶᠢ ᠬᠠᠮᠤᠷᠤᠭᠰᠠᠨ ᠲᠣᠮᠤᠬᠠᠨ ᠪᠠᠶᠢᠭᠤᠯᠤᠮᠵᠢ ᠪᠣᠯᠤᠭᠰᠠᠨ ᠪᠠᠶᠢᠳᠠᠭ᠃

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122121444