蒙古文网站Logo
ᠰᠢᠨᠬᠤᠸᠠ ᠮᠤᠩᠭ᠋ᠤᠯ ᠨᠧᠲ

ᠭᠠᠯᠲᠤ ᠶᠢᠨ ᠲᠠᠰᠤᠯᠪᠤᠷᠢ ᠬᠤᠳᠠᠯᠳᠤᠨ ᠠᠪᠤᠪᠠᠯ ᠬᠤᠪᠢ ᠤᠯᠬᠤ ᠪᠦᠬᠡᠳ ᠬᠤᠷᠠᠮᠳᠤᠭᠤᠯᠤᠭᠰᠠᠨ ᠬᠤᠪᠢ ᠪᠡᠷ ᠢᠶᠡᠨ ᠲᠠᠰᠤᠯᠪᠤᠷᠢ ᠰᠣᠯᠢᠵᠤ ᠪᠤᠯᠤᠨ᠎ᠠ

2017-12-18 17:46

    ᠰᠡᠬᠦᠯ ᠤᠨ ᠦᠶ᠎ᠠ ᠳᠤ᠂ ᠰᠤᠷᠪᠤᠯᠵᠢᠯᠠᠬᠴᠢ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠤᠮᠫᠠᠨᠢ ᠡᠴᠡ ᠤᠶᠢᠯᠠᠭᠠᠭᠰᠠᠨ ᠢᠶᠡᠷ᠂ 12 ᠰᠠᠷ᠎ᠠ ᠶᠢᠨ 20 ᠤ ᠡᠳᠦᠷ ᠡᠴᠡ ᠡᠬᠢᠯᠡᠨ᠂ ᠲᠠᠮᠦᠷ ᠵᠠᠮ ᠤᠨ ᠪᠠᠶᠢᠩᠭᠤ ᠠᠶᠠᠯᠠᠬᠴᠢ ᠬᠡᠰᠢᠬᠦᠨ ᠪᠤᠯᠤᠭᠰᠠᠨ ᠵᠣᠷᠴᠢᠬᠴᠢᠳ ᠭᠠᠯᠲᠤ ᠶᠢᠨ ᠲᠠᠰᠤᠯᠪᠤᠷᠢ ᠬᠤᠳᠠᠯᠳᠤᠨ ᠠᠪᠤᠪᠠᠯ ᠬᠤᠪᠢ ᠤᠯᠬᠤ ᠪᠦᠬᠡᠳ ᠬᠤᠷᠠᠮᠳᠤᠭᠤᠯᠤᠭᠰᠠᠨ ᠬᠤᠪᠢ ᠪᠡᠷ ᠢᠶᠡᠨ ᠲᠠᠰᠤᠯᠪᠤᠷᠢ ᠰᠣᠯᠢᠵᠤ ᠪᠤᠯᠬᠤ ᠶᠤᠮ ᠪᠠᠶᠢᠨ᠎ᠠ᠃

    ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠤᠮᠫᠠᠨᠢ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠡᠷ᠂ ᠥᠨᠦ ᠵᠢᠯ ᠤᠨ 12 ᠰᠠᠷ᠎ᠠ ᠶᠢᠨ 20 ᠤ ᠡᠳᠦᠷ ᠡᠴᠡ ᠡᠬᠢᠯᠡᠨ᠂ ᠪᠦᠬᠦᠯᠢ 12 ᠨᠠᠰᠤ ᠬᠦᠷᠦᠭᠰᠡᠳ 12306 ᠨᠧᠲ (ᠭᠠᠷ ᠤᠳᠠᠰᠤᠨAPP  ᠪᠠᠬᠲᠠᠨ᠎ᠠ)᠂ ᠭᠠᠯᠲᠤ ᠶᠢᠨ ᠦᠷᠲᠡᠬᠡᠨ ᠤ ᠲᠠᠰᠤᠯᠪᠤᠷᠢ ᠬᠤᠳᠠᠯᠳᠤᠬᠤ ᠲᠤᠰᠬᠠᠢ ᠴᠤᠩᠬᠤ ᠵᠡᠷᠭᠡ ᠲᠠᠮᠦᠷ ᠵᠠᠮ ᠤᠨ ᠰᠠᠯᠠᠭ᠎ᠠ ᠮᠦᠴᠢᠷ ᠡᠴᠡ ᠬᠠᠩ᠋ᠭᠠᠬᠰᠠᠨ ᠠᠷᠭ᠎ᠠ ᠵᠠᠮ ᠢᠶᠡᠷ ᠪᠡᠶ᠎ᠠ ᠶᠢᠨ ᠦᠨᠡᠮᠯᠡᠬᠦ ᠪᠡᠨ ᠪᠠᠲᠤᠯᠠᠭᠠᠵᠢᠭᠤᠯᠬᠤ ᠪᠡᠷ ᠭᠤᠶᠤᠴᠢᠯᠠᠬᠤ ᠶᠢᠨ ᠵᠡᠷᠭᠡᠴᠡᠭᠡ ᠵᠦᠪᠰᠢᠶᠡᠷᠡᠭᠳᠡᠭᠰᠡᠨ  ᠤ ᠳᠠᠷᠠᠭ᠎ᠠ 《ᠲᠠᠮᠦᠷ ᠵᠠᠮ ᠤᠨ ᠰᠠᠭᠠᠳ ᠦᠬᠡᠢ ᠠᠶᠠᠯᠠᠯ》 ᠤᠨ ᠪᠠᠶᠢᠩᠭᠤ ᠠᠶᠠᠯᠠᠬᠴᠢ ᠬᠡᠰᠢᠬᠦᠨ ᠪᠤᠯᠤᠨ᠎ᠠ᠃ ᠲᠠᠮᠦᠷ ᠵᠠᠮ ᠤᠨ ᠪᠠᠶᠢᠩᠭᠤ ᠠᠶᠠᠯᠠᠬᠴᠢ ᠬᠡᠰᠢᠬᠦᠨ ᠭᠠᠯᠲᠤ ᠶᠢᠨ ᠲᠠᠰᠤᠯᠪᠤᠷᠢ ᠬᠤᠳᠠᠯᠳᠤᠨ ᠠᠪᠬᠤ ᠳᠤ ᠲᠠᠰᠤᠯᠪᠤᠷᠢ ᠶᠢᠨ ᠬᠠᠩᠰᠢ ᠶᠢᠨ ᠬᠢᠨᠢ 5 ᠲᠠᠬᠢᠨ ᠢᠶᠡᠷ ᠬᠤᠪᠢ ᠳᠡᠮᠳᠡᠭᠯᠡᠵᠤ ᠦᠭ᠍ᠭᠦᠨ᠎ᠠ(ᠳᠠᠷᠤᠢ ᠵᠣᠷᠴᠢᠬᠴᠢ 100 ᠲᠦᠭᠦᠷᠢᠭ᠌ ᠤᠨ ᠲᠠᠰᠤᠯᠪᠤᠷᠢ ᠬᠤᠳᠠᠯᠳᠤᠨ ᠠᠪᠤᠭᠰᠠᠨ ᠪᠤᠯ 500 ᠬᠤᠪᠢ ᠲᠡᠮᠳᠡᠭᠯᠡᠵᠤ ᠦᠭ᠍ᠭᠦᠨ᠎ᠠ)᠂ ᠬᠤᠷᠠᠮᠳᠤᠭᠤᠯᠤᠭᠰᠠᠨ ᠬᠤᠪᠢ ᠨᠢ ᠠᠩᠬ᠎ᠠ 10000  ᠶᠢ ᠳᠠᠪᠠᠪᠠᠯ ᠲᠡᠬᠦᠨ ᠢᠶᠡᠷ ᠢᠶᠡᠨ ᠲᠠᠮᠤᠷ ᠵᠠᠮ ᠤᠨ ᠰᠠᠯᠠᠭ᠎ᠠ ᠮᠦᠴᠢᠷ ᠡᠴᠡ ᠲᠤᠭᠲᠠᠭᠠᠭᠰᠠᠨ ᠵᠠᠷᠢᠮ ᠡᠬᠡᠯᠵᠢ ᠶᠢᠨ ᠭᠠᠯᠲᠤ ᠶᠢᠨ ᠲᠠᠰᠤᠯᠪᠤᠷᠢ ᠶᠢ ᠰᠣᠯᠢᠨ ᠠᠪᠴᠤ ᠪᠤᠯᠤᠨ᠎ᠠ᠃

    ᠲᠠᠨᠢᠯᠴᠠᠭᠤᠯᠤᠬᠰᠠᠨ ᠢᠶᠡᠷ᠂ ᠲᠠᠮᠦᠷ ᠵᠠᠮ ᠤᠨ ᠪᠠᠶᠢᠩᠭᠤ ᠠᠶᠠᠯᠠᠬᠴᠢ ᠬᠡᠰᠢᠬᠦᠨ ᠬᠤᠷᠠᠮᠳᠤᠭᠤᠯᠤᠭᠰᠠᠨ ᠬᠤᠪᠢ ᠪᠡᠷ ᠰᠣᠯᠢᠬᠰᠠᠨ ᠲᠠᠰᠤᠯᠪᠤᠷᠢ ᠪᠡᠨ ᠥᠪᠡᠷ ᠶᠢᠡᠨ ᠪᠤᠶᠤ ᠥᠷᠦᠬᠡᠯ ᠳᠤ ᠴᠦᠮ ᠬᠡᠷᠡᠭᠯᠡᠵᠤ ᠪᠤᠯᠤᠨ᠎ᠠ᠃ ᠨᠠᠷᠢᠨ ᠪᠠᠶᠢᠳᠠᠯ ᠢ 12306 ᠨᠧᠲ᠂ 12306 ᠥᠢᠯᠡᠴᠢᠯᠡᠬᠡᠨ ᠤ ᠤᠳᠠᠰᠤ ᠪᠤᠶᠤ ᠭᠠᠯᠲᠤ ᠲᠡᠷᠬᠡᠨ ᠦᠷᠲᠡᠬᠡᠨ ᠤ ᠲᠠᠰᠤᠯᠪᠤᠷᠢ ᠬᠤᠳᠠᠯᠳᠤᠬᠤ ᠲᠤᠰᠬᠠᠢ ᠴᠤᠩᠬᠤ ᠡᠴᠡ ᠤᠶᠢᠯᠠᠭᠠᠭᠠᠷᠠᠢ !(ᠵᠢᠷᠤᠭ ᠢ ᠨᠧᠲ ᠡᠴᠡ)

ᠢᠷᠡᠯᠳᠡ᠄ ᠪᠡᠬᠡᠵᠢᠩ ᠤᠨ ᠥᠷᠯᠦᠬᠡᠨ ᠤ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001122130235