蒙古文网站Logo
ᠰᠢᠨᠬᠤᠸᠠ ᠮᠤᠩᠭ᠋ᠤᠯ ᠨᠧᠲ

ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠮᠦᠰᠦᠨ ᠤ ᠯᠤᠤᠲᠤ ᠤᠩ᠋ᠭᠤᠴᠠᠨ ᠤ ᠮᠠᠩᠯᠠᠢ ᠰᠢᠯᠭᠠᠷᠠᠭᠤᠯᠬᠤ ᠲᠡᠮᠡᠴᠡᠭᠡᠨ ᠢᠷᠡᠬᠦ ᠵᠢᠯ ᠥᠪᠦᠷ ᠮᠣᠩᠭ᠋ᠤᠯ ᠳᠤ ᠶᠠᠪᠤᠭᠳᠠᠨ᠎ᠠ

2017-12-19 12:03

    ᠰᠢᠨᠬᠤᠧᠠ ᠬᠤᠷᠢᠶ᠎ᠠ  ᠪᠡᠬᠡᠵᠢᠩ ᠤᠨ 12 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ   ᠠᠩᠬᠠᠳᠤᠭᠠᠷ ᠬᠤᠭᠤᠴᠠᠭᠠᠨ ᠤ ᠳᠡᠯᠡᠬᠡᠢ ᠶᠢᠨ ᠮᠦᠰᠦᠨ ᠤ ᠯᠤᠤᠲᠤ ᠤᠩ᠋ᠭᠤᠴᠠᠨ ᠤ ᠮᠠᠩᠯᠠᠢ ᠰᠢᠯᠭᠠᠷᠠᠭᠤᠯᠬᠤ ᠲᠡᠮᠡᠴᠡᠭᠡᠨ ᠵᠢᠴᠢ 《ᠳᠤᠯᠤᠨ ᠨᠠᠭᠤᠷ ᠬᠤᠨᠳᠠᠭᠠᠲᠤ 》ᠮᠦᠰᠦᠨ ᠤ ᠯᠤᠤᠲᠤ ᠤᠩ᠋ᠭᠤᠴᠠᠨ ᠤ ᠲᠡᠮᠡᠴᠡᠭᠡᠨ ᠤ ᠬᠡᠪᠯᠡᠯ ᠮᠡᠳᠡᠭᠡᠯᠡᠯ ᠤᠨ ᠬᠤᠷᠠᠯ 18 ᠤ ᠡᠳᠦᠷ ᠪᠡᠭᠡᠵᠢᠩ ᠳᠤ ᠶᠠᠪᠤᠭᠳᠠᠪᠠ᠃ ᠵᠣᠬᠢᠶᠠᠨ ᠪᠠᠶᠢᠭᠤᠯᠬᠤ ᠺᠣᠮᠢᠰ ᠤᠨ ᠵᠠᠷᠯᠡᠬᠰᠡᠨ ᠢᠶᠡᠷ᠂ ᠲᠡᠮᠡᠴᠡᠬᠡᠨ ᠨᠢ 2018 ᠤᠨ ᠤ 1 ᠰᠠᠷ᠎ᠠ ᠶᠢᠨ 9  ᠡᠴᠡ 12 ᠤᠨ ᠡᠳᠦᠷ ᠪᠤᠯᠲᠠᠯ᠎ᠠ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠳᠤᠯᠤᠨ ᠰᠢᠶᠠᠨ ᠤ ᠳᠤᠯᠤᠨ ᠨᠠᠭᠤᠷ ᠲᠤ ᠶᠠᠪᠤᠭᠳᠠᠨ᠎ᠠ᠃

    ᠲᠤᠰ ᠤᠳᠠᠭᠠᠨ ᠤ ᠲᠡᠮᠡᠴᠡᠭᠡᠨ ᠢ ᠤᠯᠠᠨ ᠤᠯᠤᠰ ᠤᠨ ᠮᠦᠰᠦᠨ ᠤ ᠯᠤᠤᠲᠤ ᠤᠩ᠋ᠭᠤᠴᠠᠨ ᠤ ᠬᠤᠯᠪᠤᠭ᠎ᠠ ᠰᠠᠨᠠᠨᠭᠠᠴᠢᠯᠠᠭᠠᠳ ᠳᠤᠯᠤᠨ ᠰᠢᠶᠠᠨ ᠤ ᠠᠷᠠᠳ ᠤᠨ ᠵᠠᠰᠠᠭ ᠤᠨ ᠤᠷᠳᠤᠨ᠂ ᠥᠪᠦᠷ ᠮᠣᠩᠭ᠋ᠤᠯ ᠤᠨ ᠬᠤᠩ ᠵᠢᠤᠢ ᠥᠢᠯᠡᠳᠪᠤᠷᠢ ᠬᠤᠳᠠᠯᠳᠤᠭᠠᠨ ᠤ ᠬᠢᠵᠠᠭᠠᠷᠲᠤ ᠺᠤᠮᠫᠠᠨᠢ ᠬᠠᠮᠳᠤᠷᠠᠨ ᠵᠣᠬᠢᠶᠠᠨ ᠪᠠᠶᠢᠭᠤᠯᠤᠨ᠎ᠠ᠃ ᠲᠤᠬᠠᠢ ᠶᠢᠨ ᠦᠶ᠎ᠠ ᠳᠤ᠂ ᠤᠯᠤᠰ ᠤᠨ ᠲᠤᠳᠤᠭᠠᠳᠤ ᠭᠠᠳᠠᠭᠠᠲᠤ ᠡᠴᠡ ᠢᠷᠡᠭᠰᠡᠨ ᠬᠡᠳᠤᠨ ᠠᠷᠪᠠᠨ ᠪᠠᠭ ᠤᠨ ᠵᠠᠭᠤ ᠰᠢᠬᠠᠮ ᠲᠠᠮᠢᠷᠴᠢᠨ ᠲᠡᠮᠡᠴᠡᠬᠡᠨ ᠳᠤ ᠤᠷᠤᠯᠴᠠᠬᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122134020