蒙古文网站Logo
ᠰᠢᠨᠬᠤᠸᠠ ᠮᠤᠩᠭ᠋ᠤᠯ ᠨᠧᠲ

ᠱᠠᠩᠬᠠᠢ᠄ ᠨᠢᠰᠳᠡᠭ ᠳᠡᠷᠬᠡ ᠠᠭᠠᠷ ᠡᠴᠡ ᠪᠠᠴᠢᠮ ᠮᠡᠲᠡᠭᠡᠯᠡᠬᠦ ᠠᠵᠢᠯ ᠳ᠋ᠤ ᠤᠷᠤᠯᠴᠠᠨ᠎ᠠ

2017-12-19 16:37

    12 ᠰᠠᠷ᠎ᠠ ᠶᠢᠨ 18 ᠤ ᠡᠲᠦᠷ ᠱᠠᠩᠬᠠᠢ ᠶᠢᠨ ᠤᠨᠴᠠᠭᠠᠢ ᠪᠠᠶᠢᠲᠠᠯ ᠢ ᠮᠡᠲᠡᠭᠡᠯᠡᠬᠦ ᠷᠠᠳᠢᠣ᠋ ᠶᠢᠨ《ᠠᠭᠠᠷ ᠡᠴᠡ ᠪᠠᠴᠢᠮ ᠮᠡᠲᠡᠭᠡᠯᠡᠬᠦ ᠰᠠᠯᠪᠤᠷᠢ ᠪᠠᠭ 》 ᠪᠠᠶᠢᠭᠤᠯᠤᠭᠲᠠᠬᠤ ᠶᠤᠰᠤᠯᠠᠯ ᠵᠢᠴᠢ ᠤᠨᠴᠠᠭᠠᠢ ᠪᠠᠶᠢᠲᠠᠯ ᠢ ᠮᠡᠲᠡᠭᠡᠯᠡᠬᠦ ᠷᠠᠳᠢᠣ᠋ ᠶᠢᠨ ᠬᠤᠶᠠᠲᠤᠭᠠᠷ ᠡᠭᠡᠯᠵᠢ ᠶᠢᠨ ᠤᠨᠴᠠ ᠤᠷᠢᠭᠰᠠᠨ ᠴᠢᠮᠡᠭᠡᠯᠡᠭᠴᠢ ᠡᠯᠰᠡᠬᠦ ᠠᠵᠢᠯᠯᠠᠭ᠎ᠠ ᠱᠠᠩᠬᠠᠢ ᠳ᠋ᠤ ᠶᠠᠪᠤᠭᠲᠠᠪᠠ᠃

    ᠱᠠᠩᠬᠠᠢ ᠬᠤᠲᠠ ᠶᠢᠨ ᠵᠠᠰᠠᠭ ᠤᠨ ᠤᠷᠲᠤᠨ ᠤ ᠤᠨᠴᠠᠭᠠᠢ ᠪᠠᠶᠢᠲᠠᠯ ᠤᠨ ᠠᠯᠪᠠᠨ᠂ ᠬᠡᠪᠯᠡᠯ ᠮᠡᠲᠡᠭᠡᠯᠡᠯ ᠤᠨ ᠠᠯᠪᠠᠨ ᠤ ᠵᠢᠯᠤᠭᠤᠲᠤᠯᠭ᠎ᠠ ᠲᠤᠤᠷ᠎ᠠ᠂ ᠱᠠᠩᠬᠠᠢ ᠶᠢᠨ ᠤᠨᠴᠠᠭᠠᠢ ᠪᠠᠶᠢᠲᠠᠯ ᠢ ᠮᠡᠲᠡᠭᠡᠯᠡᠬᠦ ᠷᠠᠳᠢᠣ᠋᠂ ᠱᠠᠩᠬᠠᠢ ᠶᠢᠨ ᠵᠠᠮ ᠬᠠᠷᠢᠯᠴᠠᠭᠠᠨ ᠤ ᠷᠠᠳᠢᠣ᠋ ᠪᠠ ᠱᠠᠩᠬᠠᠢ ᠶᠢᠨ ᠵᠢᠨ ᠡᠾᠦ᠋ᠢ ᠨᠡᠶᠢᠲᠡᠮ ᠬᠡᠷᠡᠭᠯᠡᠭᠡᠨ ᠤ ᠠᠭᠠᠷ ᠠᠶᠠᠯᠠᠯ ᠤᠨ ᠬᠤᠪᠢᠴᠠᠭᠠᠲᠤ ᠬᠢᠵᠠᠭᠠᠷᠲᠤ ᠺᠤᠮᠫᠠᠨᠢ ᠪᠠᠶᠢᠯᠲᠤᠬᠤ ᠪᠤᠲᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠤᠭᠲᠠᠵᠤ᠂ 《ᠠᠭᠠᠷ ᠡᠴᠡ ᠪᠠᠴᠢᠮ ᠮᠡᠲᠡᠭᠡᠯᠡᠬᠦ ᠰᠠᠯᠪᠤᠷᠢ ᠪᠠᠭ 》ᠪᠠᠶᠢᠭᠤᠯᠬᠤ ᠪᠡᠷ ᠲᠤᠭᠲᠠᠪᠠ᠃ ᠲᠤᠮᠤ ᠴᠢᠬᠤᠯᠠ ᠭᠡᠨᠡᠳᠲᠡ ᠶᠢᠨ ᠬᠡᠷᠡᠭ ᠪᠤᠶᠤ ᠵᠠᠮ ᠬᠠᠷᠢᠯᠴᠠᠭᠠᠨ ᠤ ᠤᠰᠤᠯ ᠭᠠᠷᠪᠠᠯ ᠬᠠᠮᠤᠭ ᠤᠨ ᠲᠡᠷᠢᠬᠦᠨ ᠳ᠋ᠤ ᠭᠠᠵᠠᠷ ᠲᠡᠭᠡᠷ᠎ᠡ ᠨᠢ ᠬᠦᠷᠴᠦ ᠮᠡᠲᠡᠭᠡᠯᠡᠬᠦ ᠪᠤᠯᠤᠨ᠎ᠠ᠃ (ᠵᠢᠷᠤᠭ ᠢ ᠰᠢᠨᠬᠤᠧᠠ ᠬᠤᠷᠢᠶ᠎ᠠ ᠶᠢᠨ ᠰᠤᠷᠪᠤᠯᠵᠢᠯᠠᠭᠴᠢ ᠹᠠᠩ ᠵᠢᠦᠢ ) 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122135766