蒙古文网站Logo
ᠰᠢᠨᠬᠤᠸᠠ ᠮᠤᠩᠭ᠋ᠤᠯ ᠨᠧᠲ

ᠲᠤᠲᠤᠭᠠᠲᠤ ᠶᠢ ᠬᠠᠮᠠᠭᠠᠯᠠᠬᠤ ᠶᠠᠮᠤᠨ᠄ ᠡᠷᠦᠬᠡ ᠠᠮᠠ ᠶᠢᠨ ᠲᠠᠩᠰᠠᠨ ᠳ᠋ᠤ ᠦᠭᠡᠢ 1300 ᠲᠦᠮᠡ ᠭᠠᠷᠤᠢ ᠬᠦᠮᠦᠨ ᠤ ᠪᠦᠷᠢᠳᠭᠡᠬᠦᠯᠬᠦ ᠠᠵᠢᠯ ᠢ ᠦᠨᠳᠦᠰᠦᠨ ᠳ᠋ᠡᠭᠡᠨ ᠪᠡᠶᠡᠯᠡᠭᠦᠯᠪᠡ

2017-12-21 11:31

    ᠰᠢᠨᠬᠤᠧᠠ ᠬᠤᠷᠢᠶ᠎ᠠ   ᠪᠡᠭᠡᠵᠢᠩ ᠤᠨ 12 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠰᠢᠶᠦ᠋ᠩ ᠹᠧᠩ᠂ ᠯᠦᠸᠸ ᠱᠠ ) ᠰᠤᠷᠪᠤᠯᠵᠢᠯᠠᠭᠴᠢ ᠲᠤᠲᠤᠭᠠᠲᠤ ᠶᠢ ᠬᠠᠮᠠᠭᠠᠯᠠᠬᠤ ᠶᠠᠮᠤᠨ ᠡᠴᠡ ᠤᠶᠢᠯᠠᠭᠠᠭᠰᠠᠨ ᠶᠢᠡᠷ᠂ ᠲᠤᠲᠤᠭᠠᠲᠤ ᠶᠢ ᠬᠠᠮᠠᠭᠠᠯᠠᠬᠤ ᠰᠠᠯᠠᠬ᠎ᠠ ᠮᠦᠴᠢᠷ ᠠᠵᠢᠯ ᠤᠨ ᠲᠤᠭᠲᠠᠯᠴᠠᠭ᠎ᠠ ᠪᠠᠶᠢᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠠ ᠪᠡᠷ ᠲᠠᠮᠵᠢᠭᠤᠯᠤᠨ ᠡᠷᠦᠬᠡ ᠠᠮᠠ ᠶᠢᠨ ᠲᠠᠩᠰᠠᠨ ᠳ᠋ᠤ ᠦᠭᠡᠢ ᠬᠦᠮᠦᠰ ᠢ ᠪᠦᠷᠢᠳᠭᠡᠬᠦᠯᠵᠦ ᠪᠠᠶᠢᠨ᠎ᠠ᠃ ᠲᠤᠲᠤᠭᠠᠲᠤ ᠶᠢ ᠬᠠᠮᠠᠭᠠᠯᠠᠬᠤ ᠴᠠᠭᠲᠠᠭ᠎ᠠ ᠲᠤᠭᠤᠷᠢᠨ ᠪᠠᠶᠢᠴᠠᠭᠠᠬᠤ᠂ ᠪᠠᠶᠢᠲᠠᠯ ᠢ ᠤᠶᠢᠯᠠᠭᠠᠵᠤ ᠬᠢᠨᠠᠨ ᠬᠠᠷᠭᠤᠭᠤᠯᠬᠤ ᠵᠡᠷᠭᠡ ᠪᠡᠷ ᠲᠠᠮᠵᠢᠨ ᠲᠡᠦᠬᠡ ᠡᠴᠡ  ᠦᠯᠡᠲᠡᠭᠲᠡᠵᠦ ᠢᠷᠡᠭᠰᠡᠨ 1300 ᠭᠠᠷᠤᠢ ᠲᠦᠮᠡᠨ ᠬᠦᠮᠦᠨ ᠤ ᠡᠷᠦᠬᠡ ᠠᠮᠠ ᠶᠢᠨ ᠲᠠᠩᠰᠠᠨ ᠳ᠋ᠤ ᠪᠦᠷᠢᠳᠭᠡᠬᠦᠯᠬᠦ ᠠᠰᠠᠭᠤᠲᠠᠯ ᠢ ᠦᠨᠳᠦᠰᠦᠨ ᠳ᠋ᠡᠭᠡᠨ ᠰᠢᠢᠳᠪᠦᠷᠢᠯᠡᠪᠡ᠃

    ᠤᠷᠤᠰᠢᠨ ᠰᠠᠭᠤᠬᠤ ᠵᠦᠪᠰᠢᠶᠡᠷᠡᠯ ᠤᠨ ᠦᠨᠡᠮᠯᠠᠯ ᠢ ᠬᠡᠷᠡᠭᠵᠢᠬᠦᠯᠬᠦ ᠶᠢ ᠲᠦᠷᠭᠡᠳᠭᠡᠬᠦ ᠲᠠᠯ᠎ᠠ ᠪᠡᠷ 《ᠤᠷᠤᠰᠢᠨ ᠰᠠᠭᠤᠬᠤ ᠵᠦᠪᠰᠢᠶᠡᠷᠡᠯ ᠤᠨ ᠦᠨᠡᠮᠯᠠᠯ ᠢ ᠲᠦᠷ ᠬᠡᠷᠡᠭᠵᠢᠬᠦᠯᠬᠦ ᠲᠤᠭᠲᠠᠭᠠᠯ》  ᠢ᠋ ᠦᠨᠳᠦᠰᠦᠯᠡᠨ ᠤᠯᠤᠰ ᠲᠠᠶᠠᠭᠠᠷ ᠤᠨ 31 ᠮᠤᠵᠢ (ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ) ᠪᠤᠲᠠᠲᠠᠢ ᠬᠡᠷᠡᠭᠵᠢᠬᠦᠯᠬᠦ ᠲᠥᠰᠦᠯ ᠭᠠᠷᠭᠠᠨ ᠨᠡᠶᠢᠭᠡᠮ ᠨᠡᠶᠢᠲᠡ ᠳ᠋ᠤ ᠢᠯᠡ ᠪᠡᠷ ᠵᠠᠷᠯᠠᠪᠠ᠃ ᠤᠷᠤᠰᠢᠨ ᠰᠠᠭᠤᠬᠤ ᠪᠡᠷ ᠠᠴᠢᠶᠠᠯᠠᠭᠴᠢ ᠪᠤᠯᠭᠠᠨ ᠤᠷᠤᠰᠢᠨ ᠰᠠᠭᠤᠬᠤ ᠵᠢᠯ ᠵᠡᠷᠭᠡ ᠨᠦᠬᠦᠴᠠᠯ ᠲᠠᠢ ᠨᠢ ᠬᠤᠯᠪᠤᠭᠲᠠᠭᠤᠯᠤᠭᠰᠠᠨ ᠬᠤᠲᠠ ᠪᠠᠯᠭᠠᠰᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠳ᠋ᠤ ᠬᠠᠩᠭ᠋ᠠᠬᠤ ᠲᠤᠭᠲᠠᠯᠴᠠᠭ᠎ᠠ ᠶᠢ ᠪᠠᠶᠢᠭᠤᠯᠪᠠ᠃ ᠰᠤᠷᠭᠠᠨ ᠬᠦᠮᠦᠵᠢᠯ᠂ ᠠᠵᠢᠯ ᠤᠯᠭᠤᠯᠲᠠ᠂ ᠨᠡᠶᠢᠭᠡᠮ ᠤᠨ ᠲᠠᠭᠠᠳᠬᠠᠯ᠂ ᠡᠮ ᠡᠮᠴᠢᠯᠡᠭᠡ᠂ ᠤᠷᠤᠨ ᠰᠠᠭᠤᠴᠠ ᠵᠡᠷᠭᠡ ᠬᠤᠲᠠ ᠪᠠᠯᠭᠠᠰᠤᠨ ᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠪᠠᠶᠢᠩᠭ᠋ᠤ ᠰᠠᠭᠤᠭᠠᠯᠢ ᠬᠦᠮᠦᠨ ᠠᠮᠠ ᠶᠢ ᠪᠦᠷᠬᠦᠪᠡ᠃ 2016 ᠤᠨ ᠡᠴᠡ ᠨᠠᠰᠢ ᠤᠯᠤᠰ ᠲᠠᠶᠠᠭᠠᠷ ᠤᠨ ᠬᠡᠪᠴᠢᠶᠠᠨ ᠳ᠋ᠤ ᠤᠷᠤᠰᠢᠨ ᠰᠠᠭᠤᠬᠤ ᠦᠨᠡᠮᠯᠡᠯ 5000 ᠲᠦᠮᠡ ᠭᠠᠷᠤᠢ ᠶᠢ ᠲᠠᠷᠬᠠᠭᠠᠪᠠ᠃ 

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122145946