蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠦᠨᠦ ᠵᠢᠯ ᠨᠡᠶᠢᠲᠡ 531 ᠲᠦᠮᠡᠨ ᠰᠤᠷᠤᠬᠴᠢ ᠵᠢ ᠲᠡᠳᠬᠦᠵᠡᠢ

2017-12-25 17:25

    12 ᠰᠠᠷ᠎ᠠ ᠶᠢᠨ 22 ᠤᠨ ᠡᠳᠦᠷ᠂ ᠰᠤᠷᠪᠤᠯᠵᠢᠯᠠᠬᠴᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠪᠯᠡᠯ ᠮᠡᠳᠡᠬᠡᠯᠡᠯ ᠤᠨ ᠠᠯᠪᠠᠨ ᠡᠴᠡ ᠤᠶᠢᠯᠠᠭᠠᠬᠰᠠᠨ ᠢᠶᠡᠷ᠂ ᠦᠪᠦᠷ ᠮᠤᠩᠭᠤᠯ ᠦᠨᠦ ᠵᠢᠯ ᠨᠡᠶᠢᠲᠡ ᠡᠯ᠎ᠡ ᠳᠡᠰ ᠡᠯ᠎ᠡ ᠲᠦᠷᠦᠯ ᠤᠨ 531ᠲᠦᠮᠡᠨ ᠰᠤᠷᠤᠬᠴᠢ ᠵᠢ ᠲᠡᠳᠬᠦᠵᠦ᠂ ᠲᠡᠳᠬᠦᠪᠦᠷᠢ ᠶᠢᠨ ᠮᠦᠩᠭᠦ 60.6 ᠳ᠋ᠦ᠋ᠩᠰᠢᠭᠤᠷ ᠲᠦᠭᠦᠷᠢᠭ᠌ ᠲᠤ ᠬᠦᠷᠦᠭ᠍ᠰᠡᠨ ᠪᠠᠶᠢᠨ᠎ᠠ᠃ ᠡᠨᠡ ᠨᠢ ᠦᠩᠭᠡᠷᠡᠭᠰᠡᠨ ᠤᠨ ᠡᠴᠡ ᠪᠠᠨ 4.5 ᠳ᠋ᠦ᠋ᠩᠰᠢᠭᠤᠷ ᠪᠤᠶᠤ 8.02% ᠢ᠋᠋ᠶᠡᠷ ᠨᠡᠮᠡᠭᠳᠡᠵᠡᠢ᠃

    ᠡᠭᠦᠨ ᠳᠤ ᠦᠪᠦᠷ ᠮᠤᠩᠭᠤᠯ ᠤᠨ ᠡᠯ᠎ᠡ ᠳᠡᠰ ᠤᠨ ᠡᠳ᠋ ᠤᠨ ᠵᠠᠰᠠᠬ 49.8 ᠳ᠋ᠦ᠋ᠩᠰᠢᠭᠤᠷ ᠲᠦᠭᠦᠷᠢᠭ᠌ ᠲᠡᠳᠬᠦᠵᠦ᠂ ᠡᠩ ᠤᠨ ᠶᠡᠬᠡ ᠳᠡᠭᠡᠳᠤ ᠵᠡᠷᠭᠡ ᠶᠢᠨ ᠰᠤᠷᠭᠠᠨ ᠬᠦᠮᠦᠵᠢᠯ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ᠂ ᠡᠩ ᠤᠨ ᠳᠡᠭᠡᠳᠤ ᠳᠤᠮᠳᠠ ᠵᠡᠷᠭᠡ ᠶᠢᠨ ᠰᠤᠷᠭᠠᠨ ᠬᠦᠮᠦᠵᠢᠯ᠂ ᠠᠯᠪᠠᠨ ᠵᠢᠷᠤᠮ ᠤᠨ ᠰᠤᠷᠭᠠᠨ ᠬᠦᠮᠦᠵᠢᠯ ᠪᠤᠯᠤᠨ ᠰᠤᠷᠭᠠᠭᠤᠯᠢ ᠶᠢᠨ ᠨᠠᠰᠳ ᠡᠴᠡ ᠡᠮᠦᠨᠡᠬᠢ ᠰᠤᠷᠭᠠᠨ ᠬᠦᠮᠦᠵᠢᠯ ᠤᠨ ᠨᠡᠶᠢᠲᠡ 484.8 ᠲᠦᠮᠡᠨ( ᠳᠠᠪᠬᠤᠷᠳᠠᠬᠰᠠᠨ ᠲᠤᠭ᠎ᠠ) ᠰᠤᠷᠤᠬᠴᠢ ᠵᠢ ᠬᠠᠮᠤᠷᠤᠬᠰᠠᠨ ᠪᠠ ᠡᠩ ᠤᠨ ᠶᠡᠬᠡ ᠳᠡᠭᠡᠳᠤ ᠰᠤᠷᠭᠠᠭᠤᠯᠢ ᠶᠢᠨ ᠰᠤᠷᠤᠬᠴᠢᠳ ᠲᠤ ᠤᠯᠭᠤᠬᠰᠠᠨ ᠤᠷᠤᠨ ᠨᠤᠲᠤᠬ ᠤᠨ ᠰᠤᠷᠤᠯᠭ᠎ᠠ ᠳᠤ ᠲᠤᠰᠠᠯᠠᠬᠤ ᠢᠲᠡᠭᠡᠮᠵᠢ ᠶᠢᠨ ᠵᠢᠭᠡᠯᠡᠯᠭᠡ 9 ᠳ᠋ᠦᠩᠰᠢᠭᠤᠷ ᠲᠦᠭᠦᠷᠢᠭ᠌ ᠲᠤ ᠬᠦᠷᠴᠦ᠂ 2016 ᠤᠨ ᠡᠴᠡ 0.38 ᠳ᠋ᠦᠩᠰᠢᠭᠤᠷ ᠲᠦᠭᠦᠷᠢᠭ᠌ ᠨᠡᠮᠡᠭᠳᠡᠵᠡᠢ᠃ ᠡᠯ᠎ᠡ ᠱᠠᠳᠤᠨ ᠤ ᠡᠳ᠋ ᠤᠨ ᠵᠠᠰᠠᠬ ᠡᠴᠡ ᠪᠤᠰᠤᠳ ᠡᠯ᠎ᠡ ᠳᠡᠰ ᠡᠯ᠎ᠡ ᠲᠦᠷᠦᠯ ᠤᠨ ᠰᠤᠷᠭᠠᠭᠤᠯᠢ ᠪᠤᠯᠤᠨ ᠨᠡᠶᠢᠭᠡᠮ ᠤᠨ ᠲᠡᠳᠬᠦᠪᠦᠷᠢ 1.8 ᠳ᠋ᠦᠩᠰᠢᠭᠤᠷ ᠲᠦᠭᠦᠷᠢᠭ᠌ ᠲᠤ ᠬᠦᠷᠴᠡᠢ᠃

    2018 ᠤᠨ ᠳᠤ ᠦᠪᠦᠷ ᠮᠤᠩᠭᠤᠯ ᠰᠤᠷᠤᠬᠴᠢ ᠵᠢ ᠲᠡᠳᠬᠦᠬᠦ ᠲᠦᠷᠦ ᠶᠢᠨ ᠪᠤᠳᠤᠯᠭ᠎ ᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠵᠢ ᠲᠤᠤᠱᠯᠠᠭᠤᠯᠬᠤ ᠠᠵᠢᠯ ᠪᠠ ᠤᠷᠤᠨ ᠨᠤᠲᠤᠬ ᠤᠨ ᠰᠤᠷᠤᠯᠭ᠎ᠠ ᠳᠤ ᠲᠤᠰᠠᠯᠠᠬᠤ ᠢᠲᠡᠭᠡᠮᠵᠢ ᠶᠢᠨ ᠵᠢᠭᠡᠯᠡᠯᠭᠡ ᠵᠢ ᠲᠠᠯᠪᠢᠵᠦ ᠬᠤᠷᠢᠶᠠᠬᠤ ᠠᠵᠢᠯ ᠢ ᠰᠠᠶᠢᠲᠤᠷ ᠬᠢᠵᠦ᠂ ᠤᠨᠢᠨ ᠳᠡᠭᠡᠷ᠎ᠡ ᠨᠢ ᠶᠠᠳᠠᠭᠤ ᠵᠢ ᠲᠡᠳᠬᠦᠬᠦ ᠵᠢ ᠶᠡᠬᠡᠪᠡᠷ ᠠᠬᠢᠭᠤᠯᠤᠨ᠂ ᠰᠤᠷᠤᠬᠴᠢ ᠵᠢ ᠬᠦᠮᠦᠵᠢᠬᠦᠯᠵᠦ ᠲᠤᠰᠠᠯᠠᠬᠤ ᠵᠢ ᠴᠢᠩᠭ᠋ᠠ᠋ᠳᠬᠠᠨ᠂ ᠲᠡᠳᠬᠦᠪᠦᠷᠢ ᠶᠢᠨ ᠮᠦᠩᠭᠦ ᠴᠤᠬᠯᠠᠭᠤᠯᠬᠤ ᠠᠷᠭ᠎ᠠ ᠵᠠᠮ ᠢ ᠤᠯᠠᠮ ᠢᠶᠡᠷ ᠲᠡᠯᠡᠵᠦ᠂ ᠶᠠᠳᠠᠭᠤ ᠡᠴᠡ ᠪᠤᠯᠵᠦ ᠰᠤᠷᠤᠯᠭ᠎ᠠ ᠠᠯᠳᠠᠬᠤ ᠦᠭᠡᠢ᠂ ᠰᠤᠷᠤᠯᠴᠠᠭᠤᠯᠬᠤ ᠡᠴᠡ ᠪᠤᠯᠵᠦ ᠶᠠᠳᠠᠭᠤᠷᠠᠬᠤ ᠦᠭᠡᠢ ᠪᠠᠶᠢᠬᠤ ᠵᠢ ᠡᠷᠡᠰ ᠪᠠᠲᠤᠯᠠᠨ᠎ᠠ᠃

ᠢᠷᠡᠯᠳᠡ᠄ ᠤᠮᠠᠷᠠᠲᠤ ᠶᠢᠨ ᠰᠢᠨ᠎ᠡ ᠰᠤᠨᠢᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122164530