蒙古文网站Logo
ᠰᠢᠨᠬᠤᠸᠠ ᠮᠤᠩᠭ᠋ᠤᠯ ᠨᠧᠲ

ᠦᠪᠦᠷ ᠮᠤᠨᠭᠭᠤᠯ ᠤᠨ ᠬᠢᠯᠢ ᠳᠠᠮᠨᠠᠬᠤ ᠠᠦ᠋ᠲ᠋ᠤ‍ ᠦᠢᠯᠡᠴᠢᠯᠡᠭᠡ ᠪᠦᠲᠦᠨ ᠬᠤᠨᠤᠭ ᠢᠶᠡᠷ ᠠᠵᠢᠯᠯᠠᠬᠤ ᠪᠤᠯᠤᠯ᠎ᠠ

2017-12-27 11:29

    ᠤᠳᠤ ᠦᠪᠦᠷ ᠮᠤᠨᠭᠭᠤᠯ ᠤᠨ 12 ᠠᠶᠢᠮᠠᠬ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠨᠢ 24 ᠴᠠᠬ ᠤᠨ ᠬᠢᠯᠢ ᠳᠠᠮᠨᠠᠬᠤ ᠠᠦ᠋ᠲ᠋ᠣ᠋ ᠦᠢᠯᠡᠴᠢᠯᠡᠭᠡ ᠲᠠᠢ ᠪᠤᠯᠵᠠᠢ᠃

    ᠡᠷᠭᠦᠳᠡᠯ ᠭᠠᠷᠭᠠᠬᠴᠢ ᠬᠡᠵᠢᠶ᠎ᠡ ᠴᠦ ᠭᠡᠰᠡᠨ ᠭᠡᠷᠡᠴᠢ ᠭᠦᠢᠴᠡᠳᠬᠡᠬᠦ᠂ ᠭᠡᠷᠡᠴᠢ ᠲᠠᠷᠬᠠᠭᠠᠬᠤ ᠠᠦ᠋ᠲ᠋ᠤ‍ ᠮᠠᠰᠢᠨ ᠢ ᠬᠡᠷᠡᠭᠯᠡᠨ ᠬᠢᠯᠢ ᠳᠠᠮᠨᠠᠬᠤ ᠴᠤᠬᠤᠯᠳᠠ ᠪᠦᠷᠢᠳᠦᠭᠦᠯᠬᠦ ᠪᠤᠶᠤ ᠭᠡᠷᠡᠴᠢ ᠠᠪᠴᠦ ᠴᠢᠳᠠᠬᠤ ᠪᠤᠯᠪᠠ᠃ ᠡᠭᠦᠨ ᠡᠴᠡ ᠪᠤᠰᠤᠳ ᠬᠤᠰᠢᠭᠤ ᠰᠢᠶᠠᠨ ᠤ ᠱᠠᠳᠤᠨ ᠤ ᠲᠤᠳᠤᠭᠠᠳᠤ ᠶᠢ ᠬᠠᠮᠠᠭᠠᠯᠠᠬᠤ ᠠᠯᠪᠠᠨ ᠪᠠᠶᠢᠭᠤᠯᠤᠯᠭ᠎ᠠ ᠨᠤᠭᠤᠳ ᠴᠤ ᠬᠢᠯᠢ ᠳᠠᠮᠨᠠᠬᠤ ᠭᠡᠷᠡᠴᠢ ᠵᠢ ᠭᠦᠢᠴᠡᠳᠬᠡᠬᠦ ᠦᠢᠯᠡᠴᠢᠯᠡᠭᠡ ᠲᠠᠢ ᠪᠤᠯᠤᠬᠰᠠᠨ ᠪᠠ ᠦᠢᠯᠡᠴᠢᠯᠡᠭᠡᠨ ᠤ ᠲᠠᠩᠬᠢᠮ ᠳᠠᠭᠠᠨ 〈ᠪᠠᠴᠢᠮ ᠤᠴᠢᠷ ᠢ ᠪᠠᠴᠢᠮ ᠭᠦᠢᠴᠡᠳᠬᠡᠬᠦ〉᠂〈ᠲᠦᠷᠭᠡᠨ ᠦᠢᠯᠡᠴᠢᠯᠡᠭᠡ ᠬᠠᠨᠭᠭᠠᠬᠤ〉ᠵᠡᠷᠭᠡ ᠵᠢ ᠲᠤᠬᠢᠷᠠᠭᠤᠯᠵᠦ᠂ ᠦᠲᠡᠭᠦᠰ᠂ ᠪᠡᠶ᠎ᠡ ᠪᠠᠭᠤᠷᠠᠢ ᠬᠦᠮᠦᠰ᠂ ᠡᠪᠡᠳᠴᠢᠲᠡᠨ᠂ ᠬᠦᠭᠵᠢᠯ ᠤᠨ ᠪᠡᠷᠬᠡᠰᠢᠶᠡᠯ ᠲᠠᠢ ᠬᠦᠮᠦᠰ᠂ ᠵᠢᠷᠮᠦᠰᠦᠨ ᠪᠦᠰᠡᠭᠦᠢ᠂ ᠡᠰᠡᠪᠡᠯ ᠤᠯᠤᠰ ᠡᠴᠡ ᠭᠠᠷᠴᠦ ᠡᠮᠴᠢᠯᠡᠭᠡ ᠬᠢᠬᠦ ᠪᠤᠶᠤ ᠤᠷᠤᠰᠢᠭᠤᠯᠭ᠎ᠠ ᠳᠤ ᠤᠷᠤᠯᠴᠠᠬᠤ ᠪᠡᠷ ᠵᠤᠷᠴᠢᠵᠦ ᠪᠠᠶᠢᠭ᠎ᠠ ᠤᠨᠴᠠᠭᠠᠢ ᠪᠦᠯᠦᠭ ᠬᠦᠮᠦᠰ ᠲᠤ ᠤᠷᠢᠳᠠᠪᠡᠷ ᠭᠡᠷᠡᠴᠢ ᠪᠦᠷᠢᠳᠦᠭᠦᠯᠵᠦ ᠦᠭᠬᠦ ᠦᠢᠯᠡᠴᠢᠯᠡᠭᠡ ᠬᠠᠨᠭᠭᠠᠨ᠎ᠠ᠃ 〈ᠨᠢᠭᠡᠯᠡ ᠳᠡᠭᠡᠷ᠎ᠡ ᠲᠦᠯᠦᠪᠦᠷᠢ ᠬᠤᠷᠢᠶᠠᠬᠤ ᠬᠡᠯᠪᠡᠷᠢ〉᠂ 〈ᠦᠪᠦᠷ ᠮᠤᠨᠭᠭᠤᠯ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠤᠨ ᠬᠢᠯᠢ ᠳᠠᠮᠨᠠᠬᠤ ᠭᠡᠷᠡᠴᠢ ᠵᠢ ᠭᠦᠢᠴᠡᠳᠬᠡᠬᠦ ᠦᠢᠯᠡᠴᠢᠯᠡᠭᠡ〉᠂ ᠠᠯᠪᠠᠨ ᠤ ᠸᠢᠴᠠᠲ ᠢᠶᠡᠷ ᠤᠷᠢᠳᠴᠢᠯᠠᠨ ᠪᠤᠯᠵᠤᠬᠤ ᠦᠢᠯᠡᠴᠢᠯᠡᠭᠡ ᠵᠢᠴᠢ ᠪᠤᠰᠤᠳ ᠤᠯᠠᠨ ᠲᠦᠷᠦᠯ ᠤᠨ ᠢᠷᠭᠡᠳ ᠲᠤ ᠠᠰᠢᠬᠲᠠᠢ ᠦᠢᠯᠡᠴᠢᠯᠡᠭᠡ ᠨᠤᠭᠦᠳ ᠨᠢ ᠲᠤᠳᠤᠭᠠᠳᠤ ᠶᠢ ᠬᠠᠮᠠᠭᠠᠯᠠᠬᠤ ᠠᠯᠪᠠᠨ ᠪᠠᠶᠢᠭᠤᠯᠤᠯᠭ᠎ᠠ ᠶᠢᠨ ᠬᠢᠯᠢ ᠳᠠᠮᠨᠠᠬᠤ ᠦᠢᠯᠡᠴᠢᠯᠡᠭᠡᠨ ᠤ ᠠᠵᠢᠯ ᠢ ᠤᠯᠠᠮ ᠢᠶᠡᠷ ᠰᠠᠶᠢᠵᠢᠷᠠᠭᠤᠯᠵᠦ᠂ ᠦᠢᠯᠡᠴᠢᠯᠡᠭᠡ ᠬᠦᠷᠲᠡᠭᠰᠡᠨ ᠬᠠᠨᠤᠮᠵᠢ ᠨᠢ 95 ᠬᠤᠪᠢ ᠡᠴᠡ ᠳᠡᠭᠡᠭᠰᠢ ᠬᠦᠷᠦᠭᠰᠡᠨ ᠪᠠᠶᠢᠨ᠎ᠠ᠃ (ᠰᠤᠷᠪᠤᠯᠵᠢᠯᠠᠬᠴᠢ ᠴᠧᠨ ᠴᠦᠨ ᠶᠠᠨ)

ᠢᠷᠡᠯᠳᠡ᠄ ᠦᠪᠦᠷ ᠮᠤᠨᠭᠭᠤᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122173579