蒙古文网站Logo
ᠰᠢᠨᠬᠤᠸᠠ ᠮᠤᠩᠭ᠋ᠤᠯ ᠨᠧᠲ

ᠢᠷᠡᠬᠦ ᠵᠢᠯ ᠡᠴᠡ ᠡᠬᠢᠯᠡᠨ 2020 ᠤᠨ ᠪᠤᠯᠲᠠᠯ᠎ᠠ ᠰᠢᠨ᠎ᠠ ᠡᠷᠴᠢᠮ ᠬᠦᠴᠦᠨ ᠤ ᠮᠠᠰᠢᠨ ᠤ ᠬᠤᠳᠠᠯᠳᠤᠨ ᠠᠪᠬᠤ ᠭᠠᠶᠢᠯᠢ ᠶᠢ ᠦᠷᠭᠦᠯᠵᠢᠯᠡᠨ ᠦᠬᠡᠶᠢᠰᠬᠡᠨ᠎ᠠ

2017-12-28 17:30

    27 ᠤ ᠡᠳᠦᠷ᠂ ᠡᠳ᠋ ᠤᠨ ᠵᠠᠰᠠᠭ ᠤᠨ ᠶᠠᠮᠤᠨ᠂ ᠲᠠᠳᠠᠪᠤᠷᠢ ᠶᠢᠨ ᠶᠡᠷᠦᠩᠬᠡᠢ ᠲᠤᠪᠴᠢᠶ᠎ᠠ᠂ ᠠᠵᠤ ᠥᠢᠯᠡᠳᠪᠤᠷᠢ ᠪᠤᠯᠤᠨ ᠰᠤᠷᠠᠭ ᠵᠠᠩᠬᠢᠵᠢᠯᠲᠠ ᠶᠢᠨ ᠶᠠᠮᠤᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠶᠠᠮᠤᠨ ᠬᠤᠯᠪᠤᠭᠠᠯᠠᠨ 《ᠰᠢᠨ᠎ᠠ ᠡᠷᠴᠢᠮ ᠬᠦᠴᠦᠨ ᠤ ᠮᠠᠰᠢᠨ ᠤ ᠬᠤᠳᠠᠯᠳᠤᠨ ᠠᠪᠬᠤ ᠭᠠᠶᠢᠯᠢ ᠶᠢ ᠲᠠᠳᠠᠪᠤᠷᠢᠯᠠᠬᠤ ᠦᠬᠡᠢ ᠮᠡᠳᠡᠭᠳᠡᠯ》ᠨᠡᠶᠢᠲᠡᠯᠡᠪᠡ (ᠳᠤᠤᠷ᠎ᠠ ᠳᠦᠭᠦᠮᠴᠢᠯᠡᠬᠡᠳ 《ᠮᠡᠳᠡᠭᠳᠡᠯ》ᠬᠡᠨ᠎ᠠ)᠃

    《ᠮᠡᠳᠡᠭᠳᠡᠯ》 ᠳ᠋ᠤ᠂ 2018 ᠤᠨ ᠤ 1 ᠰᠠᠷ᠎ᠠ 1  ᠤ ᠡᠳᠦᠷ ᠡᠴᠡ 2020 ᠤᠨ ᠤ 12 ᠰᠠᠷ᠎ᠠ ᠶᠢᠨ 31 ᠤ ᠡᠳᠦᠷ ᠪᠤᠯᠲᠠᠯ᠎ᠠ᠂ ᠵᠢᠬᠰᠠᠭᠠᠯᠲᠠ ᠳᠤ ᠬᠠᠮᠤᠷᠤᠭᠳᠠᠬᠰᠠᠨ ᠰᠢᠨ᠎ᠠ ᠡᠷᠴᠢᠮ ᠬᠦᠴᠦᠨ ᠤ ᠮᠠᠰᠢᠨ ᠬᠤᠳᠠᠯᠳᠤᠨ ᠠᠪᠤᠪᠠᠯ ᠮᠠᠰᠢᠨ ᠲᠡᠷᠭᠡᠨ ᠤ ᠬᠤᠳᠠᠯᠳᠤᠨ ᠠᠪᠬᠤ ᠭᠠᠶᠢᠯᠢ ᠲᠠᠳᠠᠪᠤᠷᠢᠯᠠᠬᠤ ᠦᠬᠡᠢ ᠬᠡᠰᠡᠨ ᠪᠠᠶᠢᠨ᠎ᠠ᠃ ᠵᠢᠬᠰᠠᠭᠠᠯᠲᠠ ᠳᠤ ᠬᠠᠮᠤᠷᠤᠭᠳᠠᠬᠰᠠᠨ ᠰᠢᠨ᠎ᠠ ᠡᠷᠴᠢᠮ ᠬᠦᠴᠦᠨ ᠤ ᠮᠠᠰᠢᠨ ᠡᠷᠭᠡᠪᠰᠢ 4 ᠨᠦᠬᠦᠴᠡᠯ ᠳᠤ ᠵᠡᠷᠭᠡ ᠳᠤ ᠨᠢ ᠨᠡᠶᠢᠴᠡᠬᠦ ᠬᠡᠷᠡᠭᠲᠠᠢ ᠂ ᠳᠠᠷᠤᠢ 1.ᠵᠦᠪᠰᠢᠶᠡᠷᠡᠯ ᠲᠠᠢ ᠪᠡᠷ ᠳᠤᠮᠳᠠᠳᠤ ᠤᠯᠤᠰ ᠤᠨ ᠬᠢᠯᠢ ᠳᠤ ᠪᠤᠷᠤᠯᠠᠭᠤᠯᠵᠤ ᠪᠠᠶᠢᠭ᠎ᠠ ᠴᠤᠯ ᠴᠠᠬᠢᠯᠭᠠᠨ ᠮᠠᠰᠢᠨ᠂ ᠴᠠᠬᠢᠯᠭᠠᠨ ᠵᠠᠯᠭᠠᠬᠤ ᠵᠠᠬᠪᠤᠷ ᠤᠨ ᠬᠤᠯᠢᠮᠠᠭ ᠬᠦᠳᠡᠯᠭᠡᠭᠦᠷᠲᠤ ᠮᠠᠰᠢᠨ᠂ ᠲᠦᠯᠡᠰᠢ ᠶᠢᠨ ᠳ᠋ᠢᠶᠠᠨ ᡂᠢ ᠮᠠᠰᠢᠨ᠃ 2.ᠰᠢᠨ᠎ᠠ ᠡᠷᠴᠢᠮ ᠬᠦᠴᠦᠨ ᠤ ᠮᠠᠰᠢᠨ  ᠪᠦᠲᠦᠬᠡᠭ᠍ᠳᠡᠭᠦᠨ ᠤ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ᠃ 3.ᠰᠢᠨ᠎ᠠ ᠡᠷᠴᠢᠮ ᠬᠦᠴᠦᠨ ᠤ ᠮᠠᠰᠢᠨ ᠤ ᠲᠤᠰᠬᠠᠢ ᠪᠠᠶᠢᠴᠠᠭᠠᠯᠲᠠ ᠶᠢ ᠦᠩᠭᠡᠷᠡᠭᠡᠭ᠍ᠰᠡᠨ ᠪᠦᠬᠡᠳ ᠰᠢᠨ᠎ᠠ ᠡᠷᠴᠢᠮ ᠬᠦᠴᠦᠨ ᠤ ᠮᠠᠰᠢᠨ ᠪᠦᠲᠦᠬᠡᠭ᠍ᠳᠡᠭᠦᠨ ᠤ ᠲᠤᠰᠬᠠᠢ ᠬᠢᠨᠠᠯᠲᠠ ᠶᠢᠨ ᠪᠠᠷᠢᠮᠵᠢᠶ᠎ᠠ ᠳᠤ ᠬᠦᠷᠦᠭᠰᠡᠨ᠃ 4.ᠰᠢᠨ᠎ᠠ ᠡᠷᠴᠢᠮ ᠬᠦᠴᠦᠨ ᠤ ᠮᠠᠰᠢᠨ ᠥᠢᠯᠡᠳᠪᠦᠷᠢᠯᠡᠬᠦ ᠠᠵᠤ ᠠᠬᠤᠶᠢᠯᠠᠯ ᠪᠤᠶᠤ ᠢᠮᠫᠤᠷᠲ᠋ᠯᠠᠬᠰᠠᠨ ᠰᠢᠨ᠎ᠠ ᠡᠷᠴᠢᠮ ᠬᠦᠴᠦᠨ ᠤ ᠮᠠᠰᠢᠨ ᠪᠤᠷᠤᠯᠠᠭᠤᠯᠤᠬᠴᠢ ᠨᠢ ᠪᠦᠲᠦᠭᠡᠭ᠍ᠳᠡᠬᠦᠨ ᠤ ᠴᠢᠨᠠᠷ᠂ ᠪᠦᠲᠦᠭᠡᠭ᠍ᠳᠡᠬᠦᠨ ᠤ ᠨᠢᠬᠡᠳᠤᠮᠡᠯ ᠴᠢᠨᠠᠷ᠂ ᠪᠤᠷᠤᠯᠠᠭᠤᠯᠤᠭᠰᠠᠨ ᠤ ᠳᠠᠷᠠᠭᠠᠬᠢ ᠥᠢᠯᠡᠴᠢᠯᠨᠭᠡ᠂ ᠠᠶᠤᠯᠭᠦᠢ ᠶᠢᠨ ᠪᠠᠶᠢᠴᠠᠭᠠᠯᠲᠠ ᠵᠡᠷᠭᠡ ᠲᠠᠯ᠎ᠠ ᠪᠡᠷ ᠬᠤᠯᠪᠤᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠵᠡᠷᠬᠡ᠃

 

ᠢᠷᠡᠯᠳᠡ᠄ ᠭᠤᠧᠠᠩᠵᠧᠤ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122181091