蒙古文网站Logo
ᠰᠢᠨᠬᠤᠸᠠ ᠮᠤᠩᠭ᠋ᠤᠯ ᠨᠧᠲ

ᠰᠢᠨ᠎ᠡ ᠤᠨ ᠤ ᠠᠮᠠᠷᠠᠯᠲᠠ ᠪᠡᠷ ᠪᠠᠷᠤᠬ 3700 ᠲᠦᠮᠡᠨ ᠵᠢᠭᠤᠯᠴᠢᠨ ᠭᠠᠯᠲᠤ ᠲᠡᠷᠭᠡ ᠪᠡᠷ ᠵᠤᠷᠴᠢᠨ᠎ᠠ

2017-12-29 16:38

    ᠰᠢᠨᠬᠤᠸᠠ ᠨᠧᠲ  ᠪᠡᠭᠡᠵᠢᠩ ᠤᠨ 12 ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ(ᠬᠠᠨ ᠵᠢᠶᠠ ᠾᠦᠢ) ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠢ ᠺᠤᠮᠫᠠᠨᠢ ᠶᠢᠨ ᠮᠡᠳᠡᠭᠡᠯᠡᠭᠰᠡᠨ ᠢᠶᠡᠷ᠂ ᠰᠢᠨ᠎ᠡ ᠤᠨ ᠤ ᠠᠮᠠᠷᠠᠯᠲᠠ ᠶᠢᠨ ᠬᠤᠭᠤᠴᠠᠭ᠎ᠠ 2017 ᠤᠨ  ᠤ 12 ᠰᠠᠷ᠎ ᠠ ᠶᠢᠨ 29 ᠤ ᠡᠳᠦᠷ ᠡᠴᠡ 2018 ᠤᠨ ᠤ 1 ᠰᠠᠷ᠎ᠠ ᠶᠢᠨ 1 ᠤ ᠡᠳᠦᠷ ᠪᠤᠯᠲᠠᠯ᠎ᠠ ᠲᠦᠷᠪᠡᠨ ᠬᠤᠨᠤᠬ ᠦᠷᠭᠦᠯᠵᠢᠯᠡᠨ᠎ᠡ᠃ ᠡᠨᠡ ᠬᠤᠭᠤᠴᠠᠭᠠᠨ ᠳᠤ ᠤᠯᠤᠰ ᠤᠨ ᠬᠡᠪᠴᠢᠶᠡᠨ ᠳᠤ ᠪᠠᠷᠤᠬ ᠳᠠᠪᠬᠤᠷᠳᠠᠬᠰᠠᠨ ᠲᠤᠭ᠎ᠠ ᠪᠡᠷ 3700 ᠲᠦᠮᠡᠨ ᠵᠢᠭᠤᠯᠴᠢᠨ ᠭᠠᠯᠲᠤ ᠲᠡᠷᠭᠡ ᠪᠡᠷ ᠠᠶᠠᠯᠠᠵᠦ᠂ ᠡᠳᠦᠷ ᠲᠤ ᠳᠤᠮᠳᠠᠴᠢ ᠪᠡᠷ 925 ᠲᠦᠮᠡ ᠬᠦᠷᠴᠦ᠂ ᠦᠩᠭᠡᠷᠡᠭᠰᠡᠨ ᠤᠨ ᠤ ᠮᠦᠨ ᠦᠶ᠎ᠡ ᠡᠴᠡ ᠪᠠᠨ 7.0% ᠪᠡᠷ ᠨᠡᠮᠡᠭᠳᠡᠨ᠎ᠡ᠃

    ᠲᠡᠮᠦᠷ ᠵᠠᠮ ᠤᠨ ᠪᠠᠶᠢᠭᠤᠯᠤᠯᠭ᠎ᠠ ᠡᠴᠡ ᠨᠧᠲ ᠪᠤᠶᠤ ᠤᠳᠠᠰᠤ ᠪᠡᠷ ᠲᠠᠰᠤᠯᠪᠤᠷᠢ ᠵᠠᠬᠢᠶᠠᠯᠠᠬᠰᠠᠳ ᠡᠷᠲᠡᠬᠡᠨ ᠲᠠᠰᠤᠯᠪᠤᠷᠢ ᠪᠠᠨ ᠭᠠᠷᠭᠠᠨ ᠠᠪᠴᠦ᠂ ᠲᠠᠰᠤᠯᠪᠤᠷᠢ ᠪᠤᠯᠤᠨ ᠪᠡᠶ᠎ᠡ ᠶᠢᠨ ᠦᠨᠡᠮᠯᠡᠬᠦ ᠵᠡᠷᠭᠡ ᠭᠡᠷᠡᠴᠢ ᠳᠡᠮᠳᠡᠭ ᠢᠶᠡᠨ ᠪᠡᠶ᠎ᠡ ᠳᠡᠭᠡᠨ ᠠᠪᠴᠦ ᠡᠷᠲᠡᠬᠡᠨ ᠲᠡᠷᠭᠡᠨ ᠦᠷᠲᠡᠭᠡᠨ ᠳᠤ ᠬᠦᠷᠴᠦ ᠲᠠᠰᠤᠯᠪᠤᠷᠢ ᠪᠠᠨ ᠰᠢᠯᠭᠠᠭᠤᠯᠤᠨ ᠲᠡᠷᠭᠡᠨ ᠳᠤ ᠭᠠᠷᠬᠤ ᠵᠢ ᠰᠠᠨᠠᠭᠤᠯᠵᠦ ᠪᠤᠢ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122186672