蒙古文网站Logo
ᠰᠢᠨᠬᠤᠸᠠ ᠮᠤᠩᠭ᠋ᠤᠯ ᠨᠧᠲ

2017 ᠤᠨ ᠪᠤᠯ ᠥᠪᠤᠷ ᠮᠣᠩ᠋ᠭᠤᠯ ᠤᠨ 56 ᠵᠢᠯ ᠤᠨ ᠲᠤᠷᠰᠢ ᠬᠠᠮᠤᠭ ᠤᠨ ᠳᠤᠯᠠᠭᠠᠨ ᠵᠢᠯ ᠪᠤᠯᠪᠠ

2018-01-03 11:24

    ᠬᠠᠬᠢᠷ ᠬᠦᠢᠲᠠᠨ  ᠢᠶᠡᠷ ᠠᠯᠳᠠᠷᠰᠢᠬᠰᠠᠨ ᠳᠤᠮᠳᠠᠳᠤ ᠤᠯᠤᠰ ᠤᠨ ᠤᠮᠠᠷᠠᠲᠤ ᠶᠢᠨ ᠲᠠᠯ᠎ᠠ ᠨᠤᠲᠤᠭ ᠪᠤᠯᠬᠤ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠨᠢ 2017 ᠤᠨ ᠳᠤ ᠬᠠᠷᠢᠨ ᠬᠤᠪᠤᠷᠬᠠᠨ ᠲᠤᠬᠢᠶᠠᠯᠳᠤᠬᠤ ᠬᠠᠮᠤᠭ ᠤᠨ ᠳᠤᠯᠠᠭᠠᠨ ᠳᠡᠮᠳᠡᠭᠯᠡᠯ ᠢ ᠡᠭᠦᠳᠪᠡ —ᠳᠤᠮᠳᠠᠴᠢ ᠠᠭᠠᠷ ᠤᠨ ᠳᠤᠯᠠᠭᠠᠨ -3.2℃-᠎11.3℃  ᠤ᠋ᠨ ᠬᠤᠭᠤᠷᠤᠨᠳᠤ ᠤᠷᠤᠰᠢᠬᠰᠠᠨ ᠪᠠᠶᠢᠨ᠎ᠠ᠃

    ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶᠠᠨ ᠤ ᠨᠡᠶᠢᠲᠡᠯᠡᠭᠰᠡᠨ ᠮᠡᠳᠡᠭᠡᠯᠡᠯ ᠡᠴᠡ ᠤᠶᠢᠯᠠᠭᠠᠭᠰᠠᠨ ᠢᠶᠡᠷ᠂ 2017 ᠤᠨ ᠤ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠳᠤᠮᠳᠠᠴᠢ ᠠᠭᠠᠷ ᠤᠨ ᠳᠤᠯᠠᠭᠠᠨ -3.2℃ ᠎-11.3℃ ᠤ᠋ᠨ ᠬᠤᠭᠤᠷᠤᠨᠳᠤ᠂ ᠬᠦᠯᠦᠨ ᠪᠤᠶᠢᠷ ᠬᠤᠲᠠ ᠶᠢᠨ ᠶᠡᠬᠡᠩᠬᠢ ᠪᠦᠰᠡ᠂ ᠬᠢᠩ᠋ᠭᠠᠨ ᠠᠶᠢᠮᠠᠭ ᠤᠨ ᠪᠠᠷᠠᠭᠤᠨ ᠪᠦᠰᠡ᠂ ᠲᠦᠩᠯᠢᠶᠤᠤ ᠬᠤᠲᠠ ᠶᠢᠨ ᠬᠤᠶᠢᠲᠤ ᠪᠦᠰᠡ᠂ ᠤᠯᠠᠭᠠᠨᠬᠠᠲᠠ ᠬᠤᠲᠠ ᠶᠢᠨ ᠳᠤᠮᠳᠠ ᠡᠮᠦᠨ᠎ᠠ ᠪᠦᠰᠡ᠂ ᠰᠢᠯᠢ ᠶᠢᠨ ᠭᠤᠤᠯ ᠠᠶᠢᠮᠠᠭ ᠤᠨ ᠵᠡᠬᠦᠨ ᠬᠤᠶᠢᠲᠤ ᠪᠦᠰᠡ ᠵᠡᠷᠭᠡ ᠭᠠᠵᠠᠷ ᠨᠢ ᠦᠩᠬᠡᠷᠡᠭᠰᠡᠨ ᠵᠢᠯ ᠤᠳ ᠲᠠᠢ ᠪᠡᠨ ᠤᠶᠢᠷᠠᠯᠴᠠᠭ᠎ᠠ ᠪᠤᠯᠤᠭᠰᠠᠨ ᠡᠴᠡ ᠭᠠᠳᠠᠨ᠎ᠠ᠂ ᠪᠤᠰᠤᠳ ᠭᠠᠵᠠᠷ ᠤᠷᠤᠨ ᠴᠦᠮ ᠳᠤᠮᠳᠠᠴᠢ ᠪᠡᠷ 1℃-2.4℃ ᠦᠨᠳᠦᠷᠳᠦᠪᠡ᠃

    ᠲᠤᠭ᠎ᠠ ᠪᠦᠷᠢᠳᠭᠡᠯ ᠢ ᠦᠨᠳᠦᠰᠦᠯᠡᠪᠡᠯ᠂ 2017 ᠤᠨ ᠳᠤ ᠥᠪᠦᠷ ᠮᠣᠩᠭ᠋ᠤᠯ ᠨᠢᠬᠡᠨ 《ᠬᠠᠯᠠᠭᠤᠨ》ᠵᠢᠯ ᠦᠩᠭᠡᠷᠡᠭᠡᠪᠡ᠃ ᠤᠷᠤᠨ ᠳᠠᠶᠠᠭᠠᠷ ᠤᠨ ᠳᠤᠮᠳᠠᠴᠢ ᠠᠭᠠᠷ ᠤᠨ ᠳᠤᠯᠠᠭᠠᠨ  6.5℃ ᠲᠤ ᠬᠦᠷᠴᠤ ᠲᠡᠤᠬᠡᠨ ᠳ᠋ᠡᠬᠢ ᠠᠳᠠᠯᠢ ᠬᠤᠭᠤᠴᠠᠭᠠᠨ ᠤ ᠬᠢ ᠡᠴᠡ ᠳᠤᠮᠳᠠᠴᠢ ᠪᠡᠷ 1.4℃ ᠦᠨᠳᠦᠷ ᠪᠤᠯᠤᠭᠰᠠᠨ ᠢᠶᠡᠷ᠂ 1961 ᠤᠨ ᠡᠴᠡ ᠨᠠᠰᠢᠬᠢ ᠬᠠᠮᠤᠭ ᠤᠨ ᠳᠤᠯᠠᠭᠠᠨ ᠨᠢᠬᠡ ᠵᠢᠯ ᠪᠤᠯᠤᠭᠰᠠᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122203590