蒙古文网站Logo
ᠰᠢᠨᠬᠤᠸᠠ ᠮᠤᠩᠭ᠋ᠤᠯ ᠨᠧᠲ

ᠲᠦᠪ ᠤᠨ ᠴᠠᠭ ᠠᠭᠤᠷ ᠤᠨ ᠬᠤᠷᠢᠶᠠᠨ ᠡᠴᠡ ᠤᠨᠴᠠ ᠶᠡᠬᠡ ᠴᠠᠰᠤᠨ ᠤ ᠤᠯᠠᠪᠤᠷ ᠦᠩᠬᠡ ᠶᠢᠨ ᠰᠡᠷᠡᠮᠵᠢ ᠶᠢᠨ ᠲᠤᠬᠢᠶ᠎ᠠ ᠨᠡᠶᠢᠲᠡᠯᠡᠪᠡ

2018-01-04 11:39

    ᠲᠦᠪ ᠤᠨ ᠴᠠᠭ ᠠᠭᠤᠷ ᠤᠨ ᠬᠤᠷᠢᠶᠠᠨ ᠤ ᠨᠧᠲ ᠤᠨ ᠮᠡᠳᠡᠭᠡᠯᠡᠯ ᠢ ᠦᠨᠳᠦᠰᠦᠯᠡᠪᠡᠯ᠂ ᠲᠦᠪ ᠤᠨ ᠴᠠᠭ ᠠᠭᠤᠷ ᠤᠨ ᠬᠤᠷᠢᠶ᠎ᠠ 1 ᠰᠠᠷ᠎ᠠ ᠶᠢᠨ 4 ᠤ ᠡᠳᠦᠷ ᠤᠨ 06᠄ 00 ᠴᠠᠭ ᠲᠤ ᠤᠨᠴᠠ ᠶᠡᠬᠡ ᠴᠠᠰᠤᠨ ᠤ ᠤᠯᠠᠪᠤᠷ ᠦᠩᠬᠡ ᠶᠢᠨ ᠰᠡᠷᠡᠮᠵᠢ ᠶᠢᠨ ᠲᠤᠬᠢᠶ᠎ᠠ ᠦᠷᠭᠦᠯᠵᠢᠯᠡᠨ ᠨᠡᠶᠢᠲᠡᠯᠡᠪᠡ᠄ ᠤᠷᠢᠳᠴᠢᠯᠠᠨ ᠲᠤᠭᠠᠴᠠᠭᠠᠯᠠᠬᠰᠠᠨ ᠢᠶᠡᠷ᠂ 4 ᠤ ᠡᠳᠦᠷ ᠤᠨ 08᠄ 00 ᠴᠠᠭ ᠡᠴᠡ 5 ᠤ ᠡᠳᠦᠷ ᠤᠨ 08᠄ 00 ᠴᠠᠭ ᠪᠤᠯᠲᠠᠯ᠎ᠠ ᠾᠧᠨᠠᠨ ᠤ ᠳᠤᠮᠳᠠ ᠡᠮᠦᠨ᠎ᠠ ᠪᠦᠰᠡ᠂ ᠬᠤᠪᠧᠢ ᠶᠢᠨ ᠳᠤᠮᠳᠠ ᠵᠡᠬᠦᠨ ᠪᠦᠰᠡ᠂ ᠬᠤᠨᠠᠨ ᠤ ᠪᠠᠷᠠᠭᠤᠨ ᠬᠤᠶᠢᠲᠤ ᠪᠦᠰᠡ᠂ ᠠᠨᠾᠦ᠋ᠢ ᠶᠢᠨ ᠶᠡᠬᠡᠩᠬᠢ ᠪᠦᠰᠡ᠂ ᠵᠢᠶᠠᠩᠰᠤ ᠶᠢᠨ ᠶᠡᠬᠡᠩᠬᠢ ᠪᠦᠰᠡ ᠵᠡᠷᠭᠡ ᠭᠠᠵᠠᠷ ᠢᠶᠡᠷ ᠶᠡᠬᠡ ᠡᠴᠡ ᠤᠨᠴᠠ ᠶᠡᠬᠡ ᠴᠠᠰᠤ ᠲᠠᠢ᠃ ᠡᠬᠦᠨ ᠳᠤ᠂ ᠠᠨᠾᠦ᠋ᠢ ᠶᠢᠨ ᠳᠤᠮᠳᠠ ᠪᠦᠰᠡ᠂ ᠵᠢᠶᠠᠩᠰᠤ ᠶᠢᠨ ᠪᠠᠷᠠᠭᠤᠨ ᠡᠮᠦᠨ᠎ᠠ ᠪᠦᠰᠡ ᠵᠡᠷᠭᠡ ᠭᠠᠵᠠᠷ ᠤᠨ ᠵᠠᠷᠢᠮ ᠬᠡᠰᠡᠭ ᠢᠶᠡᠷ ᠴᠠᠰᠤᠨ ᠰᠢᠭᠤᠷᠭ᠎ᠠ ᠲᠠᠢ (20 ~30 ᠮᠢᠯᠯᠢᠮᠧᠲ᠋ᠷ)᠃ ᠳᠡᠭᠡᠷ᠎ᠠ ᠳᠤᠷᠠᠳᠤᠭᠰᠠᠨ ᠪᠦᠰᠡ ᠨᠤᠲᠤᠭ ᠲᠤ ᠰᠢᠨ᠎ᠠ ᠪᠡᠷ5 ~10 ᠰᠡᠨᠲ᠋ᠢᠮᠧᠲ᠋ᠷ ᠴᠠᠰᠤ ᠬᠤᠷᠠᠨ᠎ᠠ᠂ ᠵᠠᠷᠢᠮ ᠭᠠᠵᠠᠷ ᠲᠤ 15 ~20 ᠰᠡᠨᠲ᠋ᠢᠮᠧᠲ᠋ᠷ ᠲᠤ ᠬᠦᠷᠦᠨ᠎ᠠ᠃ ᠡᠬᠦᠨ ᠡᠴᠡ ᠭᠠᠳᠠᠨ᠎ᠠ᠂ ᠬᠤᠨᠠᠨ ᠤ ᠪᠠᠷᠠᠭᠤᠨ ᠬᠤᠶᠢᠲᠤ ᠪᠦᠰᠡ᠂ ᠭᠦᠢᠵᠧᠦ ᠶᠢᠨ ᠵᠡᠬᠦᠨ ᠬᠤᠶᠢᠲᠤ ᠬᠡᠰᠡᠭ ᠤᠨ ᠵᠠᠷᠢᠮ ᠭᠠᠵᠠᠷ ᠢᠶᠡᠷ ᠴᠠᠰᠤᠨ ᠰᠢᠮᠠᠷᠭ᠎ᠠ ᠲᠠᠢ᠃

ᠢᠷᠡᠯᠳᠡ᠄ ᠳᠤᠮᠳᠠᠳᠤ ᠤᠯᠤᠰ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001122209297