蒙古文网站Logo
ᠰᠢᠨᠬᠤᠸᠠ ᠮᠤᠩᠭ᠋ᠤᠯ ᠨᠧᠲ

ᠦᠩᠭᠡᠷᠡᠭᠰᠡᠨ ᠵᠢᠯ ᠪᠡᠭᠡᠵᠢᠩ ᠬᠤᠲᠠ ᠳᠤ ᠬᠤᠷᠢᠨ ᠭᠤᠷᠪᠠᠬᠠᠨ ᠬᠦᠨᠳᠤ ᠪᠤᠬᠢᠷᠳᠤᠯ ᠲᠠᠢ ᠡᠳᠦᠷ ᠢᠯᠡᠷᠡᠪᠡ

2018-01-04 11:39

    ᠰᠤᠷᠪᠤᠯᠵᠢᠯᠠᠬᠴᠢ ᠪᠡᠭᠡᠵᠢᠩ ᠬᠤᠲᠠ ᠶᠢᠨ ᠪᠠᠶᠢᠭᠠᠯᠢ ᠤᠷᠴᠢᠨ ᠢ ᠬᠠᠮᠠᠭᠠᠯᠠᠬᠤ ᠲᠤᠪᠴᠢᠶᠠᠨ ᠤ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠬᠰᠠᠨ ᠢᠶᠡᠷ᠂ ᠦᠩᠭᠡᠷᠡᠭᠰᠡᠨ ᠵᠢᠯ ᠪᠡᠭᠡᠵᠢᠩ ᠬᠤᠲᠠ ᠶᠢᠨ PM2.5 ᠶ᠋ᠢᠨ ᠵᠢᠯ ᠤᠨ ᠳᠤᠮᠳᠠᠴᠢ ᠥᠳᠭᠡᠴᠡ ᠨᠢ ᠺᠦᠪ ᠮᠧᠲ᠋ᠷ ᠪᠦᠷᠢ ᠳ᠋ᠡᠬᠡᠨ 58 ᠮᠢᠺᠷᠣ᠋ ᠭᠷᠠᠮ᠃ ᠡᠨᠡ ᠨᠢ᠂ ᠡᠮᠦᠨᠡᠬᠢ ᠨᠢᠬᠡ ᠵᠢᠯ ᠤᠨ ᠢᠶᠡᠨ ᠮᠦᠨ ᠦᠶ᠎ᠠ ᠡᠴᠡ 20.5% ᠪᠡᠷ ᠪᠠᠭᠤᠷᠠᠵᠤ᠂ ᠤᠯᠤᠰ ᠤᠨ 《ᠠᠭᠠᠷ ᠮᠠᠨᠳᠠᠯ ᠤᠨ ᠠᠷᠪᠠᠨ ᠵᠤᠷᠪᠤᠰ》ᠡᠭᠦᠷᠭᠡ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠠᠭᠠᠷ ᠤᠨ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠴᠤ 2016 ᠤᠨ ᠡᠴᠡ 28 ᠡᠳᠦᠷ ᠨᠡᠮᠡᠭᠳᠡᠵᠤ᠂ 226 ᠡᠳᠦᠷ  ᠪᠤᠯᠪᠠ; ᠬᠦᠨᠳᠤ ᠪᠤᠬᠢᠷᠳᠤᠯ ᠲᠠᠢ ᠡᠳᠦᠷ 16 ᠡᠳᠦᠷ ᠬᠠᠰᠤᠭᠳᠠᠵᠤ᠂ 23 ᠡᠳᠦᠷ ᠢᠯᠡᠷᠡᠪᠡ᠃ ᠡᠬᠦᠨ ᠡᠴᠡ ᠭᠠᠳᠠᠨ᠎ᠠ᠂ ᠦᠩᠬᠡᠷᠡᠭᠰᠡᠨ ᠲᠠᠪᠤᠨ ᠵᠢᠯ ᠳᠤ᠂ ᠪᠡᠭᠡᠵᠢᠩ ᠬᠤᠲᠠ ᠶᠢᠨ ᠭᠤᠤᠯ ᠪᠤᠬᠢᠷᠳᠤᠯ ᠪᠤᠳᠠᠰ ᠤᠨ ᠵᠢᠯ ᠤᠨ ᠳᠤᠮᠳᠠᠴᠢ ᠥᠳᠭᠡᠴᠡ ᠨᠢ ᠴᠦᠮ ᠢᠯᠡᠷᠬᠡᠢ ᠪᠠᠭᠤᠷᠠᠪᠠ᠂ ᠤᠨᠴᠠᠭᠠᠶᠢᠯᠠᠨ ᠬᠦᠬᠦᠷ ᠤᠨ ᠳᠠᠪᠬᠤᠷ ᠢᠰᠦᠯ ᠤᠨ ᠪᠠᠭᠤᠷᠠᠬᠰᠠᠨ ᠬᠡᠮᠵᠢᠶ᠎ᠠ ᠬᠠᠮᠤᠭ ᠤᠨ ᠶᠡᠬᠡ ᠃ 2017 ᠤᠨ ᠳᠤ᠂ ᠬᠦᠬᠦᠷ ᠤᠨ ᠳᠠᠪᠬᠤᠷ ᠢᠰᠦᠯ ᠤᠨ ᠵᠢᠯ ᠤᠨ ᠳᠤᠮᠳᠠᠴᠢ ᠥᠳᠭᠡᠴᠡ ᠨᠢ ᠠᠩᠬ᠎ᠠ ᠤᠳᠠᠭ᠎ᠠ ᠭᠠᠬᠴᠠ ᠤᠷᠤᠨᠳᠤ ᠲᠤᠭ᠎ᠠ ᠪᠤᠯᠲᠠᠯ᠎ᠠ ᠪᠠᠭᠤᠷᠠᠵᠤ᠂ ᠺᠦᠪ ᠮᠧᠲ᠋ᠷ ᠪᠦᠷᠢ ᠳ᠋ᠡᠬᠡᠨ ᠵᠦᠪᠬᠡᠨ 8 ᠮᠢᠺᠷᠣ᠋ ᠭᠷᠠᠮ ᠪᠤᠯᠤᠭᠰᠠᠨ ᠪᠠᠶᠢᠨ᠎ᠠ᠃

ᠢᠷᠡᠯᠳᠡ᠄ ᠪᠡᠬᠡᠵᠢᠩ ᠤᠨ ᠵᠠᠯᠠᠭᠤᠴᠤᠳ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122209306