蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠶᠠᠳᠠᠭᠤ ᠬᠦᠴᠢᠷᠲᠡᠢ ᠤᠯᠠᠨ ᠲᠦᠮᠡᠨ ᠢ ᠲᠤᠰᠠᠯᠠᠬᠤ ᠨᠦᠬᠦᠪᠦᠷᠢ ᠮᠦᠩᠬᠦ 43.5 ᠳ᠋ᠦᠩᠰᠢᠭᠤᠷ ᠲᠦᠭᠦᠷᠢᠭ ᠢ ᠤᠷᠢᠳᠴᠢᠯᠠᠨ ᠪᠠᠭᠤᠯᠭᠠᠪᠠ

2018-01-05 10:56

    ᠦᠴᠦᠭᠡᠳᠦᠷ᠂ ᠬᠦᠬᠡᠬᠤᠲᠠ ᠶᠢᠨ ᠤᠷᠤᠢ ᠶᠢᠨ ᠰᠤᠨᠢᠨ ᠤ ᠰᠤᠷᠪᠤᠯᠵᠢᠯᠠᠬᠴᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠡᠴᠡ ᠤᠶᠢᠯᠠᠭᠠᠬᠰᠠᠨ ᠢᠶᠡᠷ᠂ 2017 ᠤᠨ ᠤ 12 ᠰᠠᠷ᠎ᠠ ᠶᠢᠨ 29 ᠤ ᠡᠳᠦᠷ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠪᠤᠯᠤᠨ ᠡᠳ᠋ ᠤᠨ ᠵᠠᠰᠠᠬ ᠤᠨ ᠲᠢᠩᠬᠢᠮ ᠬᠠᠮᠲᠤᠷᠠᠨ ᠲᠦᠪ ᠤᠨ ᠡᠳ᠋ ᠤᠨ ᠵᠠᠰᠠᠬ ᠪᠤᠯᠤᠨ ᠦᠪᠦᠷ ᠮᠤᠨᠭᠭᠤᠯ ᠤᠨ ᠡᠳ᠋ ᠤᠨ ᠵᠠᠰᠠᠬ ᠤᠨ ᠶᠠᠳᠠᠭᠤ ᠬᠦᠴᠢᠷᠲᠡᠢ ᠵᠢ ᠲᠤᠰᠠᠯᠠᠬᠤ ᠨᠦᠬᠦᠪᠦᠷᠢ ᠮᠦᠩᠬᠦ 43.5 ᠳ᠋ᠦᠩᠰᠢᠭᠤᠷ ᠲᠦᠭᠦᠷᠢᠭ ᠢ ᠤᠷᠢᠳᠴᠢᠯᠠᠨ ᠪᠠᠭᠤᠯᠭᠠᠵᠦ᠂ ᠳᠤᠤᠷ᠎ᠠ ᠪᠠᠲᠤᠯᠠᠭᠠᠲᠤ ᠬᠦᠮᠦᠰ᠂ ᠤᠨᠴᠠ ᠬᠦᠴᠢᠷᠲᠡᠢ ᠬᠦᠮᠦᠰ ᠵᠡᠷᠭᠡ ᠶᠠᠳᠠᠭᠤ ᠬᠦᠴᠢᠷᠲᠡᠢ ᠤᠯᠠᠨ ᠲᠦᠮᠡᠨ ᠢ ᠲᠤᠰᠠᠯᠠᠬᠤ ᠳᠤ ᠬᠡᠷᠡᠭᠯᠡᠬᠦ ᠪᠡᠷ ᠪᠤᠢ᠃

    ᠤᠷᠤᠨ ᠨᠤᠲᠤᠬ ᠤᠨ ᠶᠠᠳᠠᠭᠤ ᠬᠦᠴᠢᠷᠲᠡᠢ ᠤᠯᠠᠨ ᠲᠦᠮᠡᠨ ᠢ ᠲᠤᠰᠠᠯᠠᠬᠤ ᠠᠵᠢᠯ ᠢ ᠰᠠᠶᠢᠲᠤᠷ ᠬᠢᠬᠦ ᠵᠢ ᠳᠡᠮᠵᠢᠬᠦ ᠶᠢᠨ ᠲᠤᠰᠠᠲᠠ᠂ ᠦᠪᠦᠷ ᠮᠤᠨᠭᠭᠤᠯ ᠲᠦᠰᠦᠪ ᠤᠨ ᠦᠵᠡᠭᠦᠯᠦᠯᠲᠡ ᠵᠢ ᠤᠷᠢᠳᠴᠢᠯᠠᠨ ᠪᠠᠭᠤᠯᠭᠠᠬᠤ ᠳᠦᠷᠢᠮ ᠢ ᠪᠠᠶᠢᠭᠤᠯᠵᠦ᠂ ᠲᠦᠪ ᠪᠤᠯᠤᠨ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠬ ᠤᠨ ᠲᠦᠰᠦᠪ ᠤᠨ ᠦᠵᠡᠭᠦᠯᠦᠯᠲᠡ ᠵᠢ ᠬᠤᠰᠢᠭᠤ ᠰᠢᠶᠠᠨ ᠡᠴᠡ ᠳᠡᠭᠡᠭᠰᠢᠬᠢ ᠡᠯ᠎ᠡ ᠱᠠᠲᠤᠨ ᠤ ᠬᠤᠯᠪᠤᠬᠳᠠᠬᠤ ᠪᠠᠶᠢᠭᠤᠯᠤᠯᠭ᠎ᠠ ᠳᠤ ᠤᠷᠢᠳᠴᠢᠯᠠᠨ ᠪᠠᠭᠤᠯᠭᠠᠵᠦ᠂ ᠤᠷᠤᠨ ᠨᠤᠲᠤᠬ ᠤᠨ ᠶᠠᠳᠠᠭᠤ ᠬᠦᠴᠢᠷᠲᠡᠢ ᠤᠯᠠᠨ ᠲᠦᠮᠡᠨ ᠢ ᠲᠤᠰᠠᠯᠠᠬᠤ ᠠᠵᠢᠯ ᠢ ᠡᠷᠴᠢᠮᠲᠡᠢ ᠦᠷᠨᠢᠭᠦᠯᠬᠦ ᠳᠤ ᠮᠦᠩᠭᠦᠨ ᠤ ᠪᠠᠲᠤᠯᠠᠭ᠎ᠠ ᠬᠠᠩᠭᠠᠬᠰᠠᠨ ᠪᠠᠶᠢᠨ᠎ᠠ᠃ ᠤᠳᠤ ᠬᠦᠷᠲᠡᠯ᠎ᠡ᠂ ᠦᠪᠦᠷ ᠮᠤᠨᠭᠭᠤᠯ ᠨᠡᠶᠢᠲᠡ163.85 ᠲᠦᠮᠡᠨ ᠲᠤᠤᠷ᠎ᠠ ᠪᠠᠲᠤᠯᠠᠭᠠᠲᠤ ᠬᠦᠮᠦᠨ᠂ 9.83 ᠲᠦᠮᠡᠨ ᠶᠠᠳᠠᠭᠤ ᠬᠦᠴᠢᠷᠲᠡᠢ ᠬᠦᠮᠦᠨ ᠢ ᠲᠤᠰᠠᠯᠠᠬᠰᠠᠨ ᠪᠠ ᠳᠠᠪᠬᠤᠷᠳᠠᠬᠰᠠᠨ ᠲᠤᠭ᠎ᠠ ᠪᠡᠷ ᠨᠡᠶᠢᠯᠡᠭᠡᠳ15.51 ᠲᠦᠮᠡᠨ ᠲᠦᠷ ᠴᠠᠬ ᠤᠨ ᠲᠤᠰᠠᠯᠠᠮᠵᠢ ᠬᠦᠷᠲᠡᠭᠰᠡᠨ ᠬᠦᠮᠦᠰ᠂ 1.28 ᠲᠦᠮᠡᠨ ᠭᠡᠷ ᠤᠷᠤᠨ ᠦᠭᠡᠢ ᠲᠡᠨᠦᠭᠦᠯᠴᠢ ᠭᠤᠶᠢᠷᠠᠨᠴᠢ᠂ 0.52 ᠲᠦᠮᠡᠨ ᠦᠨᠦᠴᠢᠨ ᠬᠡᠦᠬᠡᠳ ᠪᠤᠯᠤᠨ ᠳ᠋ᠤᠬᠤ‍ ᠡᠪᠡᠳᠴᠢᠨ ᠤ ᠸᠢᠷᠦ᠋ᠰ ᠬᠠᠯᠳᠠᠪᠤᠷᠢᠯᠠᠬᠰᠠᠨ ᠬᠡᠦᠬᠡᠳ ᠢ ᠲᠤᠰᠠᠯᠠᠵᠠᠢ᠃

ᠢᠷᠡᠯᠳᠡ᠄ ᠬᠦᠬᠡᠬᠤᠲᠠ ᠶᠢᠨ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011100001122214890