蒙古文网站Logo
ᠰᠢᠨᠬᠤᠸᠠ ᠮᠤᠩᠭ᠋ᠤᠯ ᠨᠧᠲ

ᠰᠢ ᠠᠨ᠄ ᠪᠠᠭ᠎ᠠ ᠰᠤᠷᠭᠠᠭᠤᠯᠢ ᠪᠤᠯᠤᠨ ᠠᠩᠬ᠎ᠠ ᠳᠤᠮᠳᠠᠳᠤ ᠶᠢᠨ ᠲᠠᠮᠢᠷ ᠤᠨ ᠬᠢᠴᠢᠶᠠᠯ ᠢ ᠭᠠᠷᠠᠭ ᠲᠤ 4 ᠤᠳᠠᠭ᠎ᠠ ᠪᠤᠯᠭᠠᠵᠤ ᠲᠤᠬᠢᠷᠠᠭᠤᠯᠤᠨ᠎ᠠ

2018-01-05 16:29

    ᠰᠢᠨᠬᠤᠧᠠ ᠬᠤᠷᠢᠶ᠎ᠠ  ᠰᠢ ᠠᠨ ᠤ 1 ᠰᠠᠷ᠎ᠠ ᠶᠢᠨ 4 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠮᠠᠤ ᠬᠠᠢ ᠹᠧᠩ) ᠡᠮᠦᠨᠡᠬᠡᠨ ᠰᠢ ᠠᠨ ᠬᠤᠲᠠ ᠶᠢᠨ ᠵᠠᠰᠠᠭ ᠤᠨ ᠤᠷᠳᠤᠨ 《ᠠᠯᠪᠠᠨ ᠶᠤᠰᠤᠨ ᠤ ᠰᠤᠷᠭᠠᠨ ᠬᠦᠮᠦᠵᠢᠯ ᠤᠨ ᠲᠡᠩᠴᠡᠭᠦᠷᠢᠲᠠᠢ ᠬᠦᠭ᠍ᠵᠢᠬᠦ ᠶᠢ ᠤᠯᠠᠮ ᠠᠬᠢᠭᠤᠯᠵᠤ ᠰᠠᠭᠤᠷᠢ ᠰᠤᠷᠭᠠᠨ ᠬᠦᠮᠦᠵᠢᠯ ᠤᠨ ᠪᠦᠬᠦᠯᠢ ᠴᠤᠬᠴᠠ ᠶᠢᠨ ᠬᠢᠷᠢ ᠳᠦᠪᠰᠢᠨ ᠢ ᠪᠦᠬᠦ ᠲᠠᠯ᠎ᠠ ᠪᠡᠷ ᠳᠡᠭᠡᠭ᠍ᠰᠢᠯᠡᠬᠦᠯᠬᠦ ᠶᠢ ᠬᠡᠷᠡᠭᠵᠢᠬᠦᠯᠬᠦ ᠰᠠᠨᠠᠯ》ᠨᠡᠶᠢᠲᠡᠯᠡᠵᠤ᠂ ᠪᠠᠭ᠎ᠠ ᠰᠤᠷᠭᠠᠭᠤᠯᠢ ᠪᠤᠯᠤᠨ ᠠᠩᠬ᠎ᠠ ᠳᠤᠮᠳᠠᠳᠤ ᠶᠢᠨ ᠲᠠᠮᠢᠷ ᠤᠨ ᠬᠢᠴᠢᠶᠠᠯ ᠢ ᠭᠠᠷᠠᠭ ᠲᠤ 4 ᠤᠳᠠᠭ᠎ᠠ ᠪᠤᠯᠭᠠᠵᠤ ᠲᠤᠬᠢᠷᠠᠭᠤᠯᠬᠤ ᠪᠡᠷ ᠰᠢᠢᠳᠪᠡ᠃

    ᠰᠠᠨᠠᠯ ᠳᠤ᠂ ᠲᠠᠮᠢᠷ ᠤᠨ ᠬᠢᠴᠢᠶᠠᠯ ᠢ ᠰᠠᠶᠢᠲᠦᠷ ᠤᠷᠤᠬᠤ ᠬᠡᠷᠡᠭᠲᠠᠢ᠂ ᠪᠠᠭ᠎ᠠ ᠰᠤᠷᠭᠠᠭᠤᠯᠢ ᠪᠤᠯᠤᠨ ᠠᠩᠬ᠎ᠠ ᠳᠤᠮᠳᠠᠳᠤ ᠶᠢᠨ ᠲᠠᠮᠢᠷ ᠤᠨ ᠬᠢᠴᠢᠶᠠᠯ ᠢ ᠭᠠᠷᠠᠭ ᠲᠤ 4 ᠤᠳᠠᠭ᠎ᠠ ᠲᠤᠬᠢᠷᠠᠭᠤᠯᠤᠨ᠎ᠠ; ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ (ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢ ᠬᠠᠮᠤᠷᠤᠨ᠎ᠠ) ᠲᠠᠮᠢᠷ ᠤᠨ ᠬᠢᠴᠢᠶᠠᠯ ᠢ ᠭᠠᠷᠠᠭ ᠲᠤ 3 ᠤᠳᠠᠭ᠎ᠠ ᠲᠤᠬᠢᠷᠠᠭᠤᠯᠤᠨ᠎ᠠ᠃ ᠵᠢᠯ ᠪᠤᠯᠭᠠᠨ ᠵᠠᠯᠠᠭᠤ ᠪᠠᠭᠠᠴᠤᠳ ᠤᠨ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠬᠡ ᠶᠢᠨ ᠳᠦᠷᠪᠡᠳᠦᠬᠡᠷ ᠵᠡᠷᠭᠡᠯᠡᠯ ᠤᠨ ᠬᠤᠯᠪᠤᠭᠠᠲᠤ ᠲᠡᠮᠡᠴᠡᠭᠡᠨ ᠵᠣᠬᠢᠶᠠᠨ ᠪᠠᠶᠢᠭᠤᠯᠵᠤ 《ᠪᠡᠶ᠎ᠠ ᠶᠢᠨ ᠲᠠᠮᠢᠷ ᠤᠷᠠᠯᠢᠭ 2+1》ᠲᠦᠰᠦᠯ ᠢ ᠬᠡᠷᠡᠭᠵᠢᠭᠦᠯᠦᠨ᠎ᠠ᠃ ᠰᠤᠷᠤᠭᠴᠢ ᠶᠢᠨ ᠪᠡᠶ᠎ᠠ ᠮᠠᠬᠠᠪᠤᠳ ᠤᠨ ᠡᠷᠡᠬᠦᠯ ᠮᠡᠨᠳᠤ ᠶᠢᠨ ᠪᠠᠶᠢᠴᠠᠭᠠᠯᠲᠠ ᠳ᠋ᠡᠬᠢ ᠬᠢᠷᠢ ᠲᠡᠩᠴᠡᠭᠰᠡᠨ ᠨᠤᠷᠮ᠎ᠠ᠂ ᠰᠢᠯᠢᠳᠡᠭ ᠰᠠᠶᠢᠨ ᠨᠤᠷᠮ᠎ᠠ ᠶᠢ ᠲᠤᠰᠪᠤᠷᠢ 95% ᠪᠠ 40% ᠡᠴᠡ ᠳᠡᠭᠡᠭ᠍ᠰᠢ ᠳᠤ ᠬᠦᠷᠭᠡᠨ᠎ᠠ᠃ ᠤᠷᠠᠯᠢᠭ ᠢ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠪᠠᠶᠢᠭᠤᠯᠤᠯᠲᠠ ᠲᠠᠢ ᠤᠯᠠᠮ  ᠤᠶᠠᠯᠳᠤᠭᠤᠯᠵᠤ᠂ ᠰᠤᠷᠤᠬᠴᠢ ᠪᠤᠯᠭᠠᠨ  ᠳᠤ ᠠᠳᠠᠭ ᠲᠠᠭᠠᠨ ᠨᠢᠬᠡ ᠤᠷᠠᠯᠢᠭ ᠤᠨ ᠠᠪᠢᠶᠠᠰ ᠡᠵᠡᠮᠰᠢᠭᠦᠯᠦᠨ᠎ᠠ ᠬᠡᠵᠡᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122217011