蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠴᠢᠳᠠᠪᠤᠷᠢᠳᠠᠨ  ᠤ ᠸᠢᠰᠠ ᠶᠢᠨ ᠲᠦᠷᠢᠮ ᠬᠡᠷᠡᠭᠵᠢᠬᠦᠯᠵᠤ ᠭᠠᠳᠠᠭᠠᠳᠤ ᠤᠯᠤᠰ ᠤᠨ ᠴᠢᠳᠠᠪᠤᠷᠢᠳᠡᠨ ᠳᠤ ᠲᠦᠳᠡ ᠵᠠᠮ ᠨᠡᠭᠡᠭᠡᠨ᠎ᠡ

2018-01-05 17:46

    ᠰᠤᠷᠪᠤᠯᠵᠢᠯᠠᠭᠴᠢ 4 ᠤ ᠡᠳᠤᠷ ᠤᠯᠤᠰ ᠤᠨ ᠭᠠᠳᠠᠭᠠᠳᠤ ᠤᠯᠤᠰ ᠤᠨ ᠮᠡᠷᠬᠡᠵᠢᠯᠳᠡᠨ ᠤ ᠲᠤᠪᠴᠢᠶᠠᠨ ᠡᠴᠡ ᠤᠶᠢᠯᠠᠭᠠᠭᠰᠠᠨ ᠢᠶᠡᠷ᠂ ᠨᠠᠮ ᠤᠨ ᠲᠦᠪ ᠬᠤᠷᠢᠶ᠎ᠠ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠤᠯᠠᠮ ᠢᠳᠡᠪᠬᠢᠲᠡᠢ᠂ ᠤᠯᠠᠮ ᠨᠡᠬᠡᠬᠡᠯᠳᠡᠲᠠᠢ᠂ ᠤᠯᠠᠮ ᠪᠦᠲᠦᠮᠵᠢᠲᠡᠢ ᠴᠢᠳᠠᠪᠤᠷᠢᠳᠡᠨ ᠤ ᠲᠦᠷᠦ ᠶᠢᠨ ᠪᠤᠳᠤᠯᠭ᠎ᠠ ᠬᠡᠷᠡᠭᠵᠢᠬᠦᠯᠬᠦ ᠶᠢ ᠲᠤᠤᠱᠯᠠᠭᠤᠯᠬᠤ ᠶᠢᠨ ᠲᠦᠯᠦᠬᠡ ᠴᠢᠳᠠᠪᠤᠷᠢᠳᠠᠨ ᠳᠤ ᠸᠢᠰᠠ ᠤᠯᠭᠤᠬᠤ ᠬᠡᠪᠴᠢᠶ᠎ᠠ᠂ ᠬᠤᠭᠤᠴᠠᠭ᠎ᠠ ᠶᠢ ᠤᠯᠠᠮ ᠦᠷᠭᠡᠳᠭᠡᠵᠤ᠂ ᠤᠯᠤᠰ ᠤᠨ ᠭᠠᠳᠠᠭᠠᠳᠤ ᠤᠯᠤᠰ ᠤᠨ ᠮᠡᠷᠭᠡᠵᠢᠯᠳᠡᠨ ᠤ ᠲᠤᠪᠴᠢᠶ᠎ᠠ᠂ ᠭᠠᠳᠠᠭᠠᠳᠤ ᠬᠠᠷᠢᠯᠴᠠᠭᠠᠨ ᠤ ᠶᠠᠮᠤᠨ ᠪᠤᠯᠤᠨ ᠲᠤᠳᠤᠭᠠᠳᠤ ᠶᠢ ᠬᠠᠮᠠᠭᠠᠯᠠᠬᠤ ᠶᠠᠮᠤᠨ ᠤᠶᠢᠷ᠎ᠠ ᠳᠤ 《 ᠭᠠᠳᠠᠭᠠᠳᠤ  ᠤᠯᠤᠰ ᠤᠨ ᠴᠢᠳᠠᠪᠤᠷᠢᠳᠡᠨ ᠤ ᠸᠢᠰᠠ ᠶᠢᠨ ᠲᠦᠷᠢᠮ ᠢ ᠬᠡᠷᠡᠭᠵᠢᠬᠦᠯᠬᠦ ᠠᠷᠭ᠎ᠠ》 ᠶᠢ ᠲᠠᠷᠤᠮᠠᠯᠯᠠᠨ ᠲᠠᠷᠬᠠᠭᠠᠪᠠ᠃

    ᠤᠯᠤᠰ ᠤᠨ ᠭᠠᠳᠠᠭᠠᠳᠤ ᠤᠯᠤᠰ ᠤᠨ ᠮᠡᠷᠬᠡᠵᠢᠯᠳᠡᠨ ᠤ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠤ ᠲᠠᠨᠢᠯᠴᠠᠭᠤᠯᠤᠭᠳᠰᠠᠨ ᠢᠶᠡᠷ᠂ ᠬᠡᠷᠡᠭᠵᠢᠬᠦᠯᠬᠦ ᠠᠷᠭ᠎ᠠ ᠳᠤ ᠲᠤᠳᠤᠷᠬᠠᠢ ᠲᠤᠷᠠᠳᠤᠭᠰᠠᠨ ᠴᠢᠬᠤᠯᠠ ᠲᠦᠷᠦ ᠶᠢᠨ ᠪᠤᠳᠤᠯᠭ᠎ᠠ ᠳᠤ᠂ ᠸᠢᠰᠠ ᠪᠦᠷᠢᠳᠬᠡᠬᠦᠯᠬᠦ ᠬᠡᠪᠴᠢᠶ᠎ᠠ ᠶᠢ ᠤᠯᠠᠮ ᠢᠶᠡᠷ ᠦᠷᠭᠡᠳᠬᠡᠵᠤ᠂ 《 ᠭᠠᠳᠠᠭᠠᠳᠤ ᠶᠢᠨ ᠬᠦᠮᠦᠰ ᠲᠤᠮᠳᠠᠳᠤ ᠤᠯᠤᠰ ᠲᠤ ᠢᠷᠡᠵᠤ ᠠᠵᠢᠯᠯᠠᠬᠤ ᠲᠡᠰ ᠬᠤᠪᠢᠶᠠᠬᠤ ᠪᠠᠷᠢᠮᠵᠢᠶ᠎ᠠ ( ᠲᠤᠷᠰᠢᠨ ᠬᠡᠷᠡᠭᠯᠡᠬᠦ)》 ᠳ᠋ᠡᠬᠢ ᠭᠠᠳᠠᠭᠠᠳᠤ ᠤᠯᠤᠰ ᠤᠨ ᠲᠡᠭᠡᠳᠤ ᠲᠦᠪᠰᠢᠨ ᠤ ᠴᠢᠳᠠᠪᠤᠷᠢᠳᠡᠨ ᠤ ᠪᠠᠷᠢᠮᠵᠢᠶ᠎ᠠ ᠨᠦᠬᠦᠴᠡᠯ ᠳᠤ ᠨᠡᠶᠢᠴᠡᠭᠰᠡᠳ᠂ 《 ᠲᠡᠭᠡᠳᠤ ᠲᠦᠪᠰᠢᠨ》 ᠤ ᠪᠤᠯᠤᠨ ᠵᠠᠬ᠎ᠠ ᠵᠡᠭᠡᠯᠢ ᠶᠢᠨ ᠱᠠᠭᠠᠷᠳᠠᠯᠭ᠎ᠠ ᠳᠤ ᠨᠡᠶᠢᠴᠡᠬᠦ ᠰᠢᠨᠵᠢᠯᠡᠬᠦ ᠤᠬᠠᠭᠠᠨᠳᠠᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠲᠡᠷᠢᠬᠦᠨ ᠤ ᠴᠢᠳᠠᠪᠤᠷᠢᠳᠡᠨ᠂ ᠤᠯᠠᠨ ᠤᠯᠤᠰ ᠤᠨ ᠠᠵᠤ ᠠᠬᠤᠶᠢᠯᠠᠯᠳᠠᠨ᠂ ᠲᠤᠰᠬᠠᠢ ᠮᠡᠷᠬᠡᠵᠢᠯ ᠤᠨ ᠴᠢᠳᠠᠪᠤᠷᠢᠳᠡᠨ ᠪᠤᠯᠤᠨ ᠲᠡᠭᠡᠳᠤ ᠰᠢᠨᠵᠢᠯᠡᠬᠦ ᠤᠬᠠᠭᠠᠨ ᠮᠡᠷᠬᠡᠵᠢᠯ ᠤᠨ ᠴᠢᠳᠠᠪᠤᠷᠢᠳᠡᠨ ᠵᠡᠷᠬᠡ ᠮᠠᠨ ᠤ ᠤᠯᠤᠰ ᠤᠨ ᠡᠳ᠋ ᠤᠨ ᠵᠠᠰᠠᠭ ᠤᠨ ᠬᠦᠭ᠍ᠵᠢᠯᠳᠡ ᠶᠢᠨ ᠱᠠᠭᠠᠷᠳᠠᠯᠭ᠎ᠠ ᠳᠤ ᠨᠡᠶᠢᠴᠡᠬᠦ ᠭᠠᠳᠠᠭᠠᠳᠤ ᠤᠯᠤᠰ ᠤᠨ ᠲᠡᠭᠡᠳᠤ ᠲᠦᠪᠰᠢᠨ ᠤ ᠴᠢᠳᠠᠪᠤᠷᠢᠳᠡᠨ ᠪᠤᠯᠤᠨ ᠪᠠᠴᠢᠮ ᠱᠠᠭᠠᠷᠳᠠᠯᠭ᠎ᠠ ᠲᠠᠢ ᠴᠢᠳᠠᠪᠤᠷᠢᠳᠡᠨ ᠪᠤᠯᠭᠠᠨ ᠴᠢᠳᠠᠪᠤᠷᠢᠳᠡᠨ ᠤ ᠸᠢᠰᠠ ᠪᠦᠷᠢᠳᠬᠡᠬᠦᠯᠵᠤ ᠪᠤᠯᠤᠨ᠎ᠠ᠂ ᠭᠠᠳᠠᠭᠠᠳᠤ ᠤᠯᠤᠰ ᠤᠨ ᠲᠡᠭᠡᠳᠤ ᠲᠦᠪᠰᠢᠨ ᠤ ᠴᠢᠳᠠᠪᠤᠷᠢᠳᠡᠨ ᠤ ᠪᠠᠷᠢᠮᠵᠢᠶ᠎ᠠ ᠶᠢ ᠡᠳ᠋ ᠤᠨ ᠵᠠᠰᠠᠭ ᠨᠡᠶᠢᠬᠡᠮ ᠤᠨ ᠬᠦᠭ᠍ᠵᠢᠯᠳᠡ ᠶᠢᠨ ᠱᠠᠭᠠᠷᠳᠠᠯᠭ᠎ᠠ ᠪᠤᠯᠤᠨ ᠴᠢᠳᠠᠪᠤᠷᠢᠳᠡᠨ ᠤ ᠨᠦᠬᠡᠴᠡ ᠶᠢᠨ ᠬᠠᠩᠭ᠋ᠠᠯᠭ᠎ᠠ ᠶᠢᠨ ᠪᠠᠶᠢᠳᠠᠯ ᠢ ᠬᠦᠳᠡᠯᠦᠡᠭ᠍ᠭᠦᠢ ᠪᠡᠷ ᠲᠤᠬᠢᠷᠠᠭᠤᠯᠤᠨ᠎ᠠ᠃ ᠴᠢᠳᠠᠪᠤᠷᠢᠳᠡᠨ ᠤ ᠸᠢᠰᠠ ᠶᠢᠨ ᠬᠦᠴᠦᠨ ᠪᠦᠬᠦᠢ ᠬᠤᠭᠤᠴᠠᠭ᠎ᠠ ᠪᠤᠯᠤᠨ ᠰᠠᠭᠤᠷᠢᠰᠢᠬᠤ ᠬᠤᠭᠤᠴᠠᠭ᠎ᠠ ᠶᠢ ᠤᠯᠠᠮ ᠤᠷᠳᠤᠰᠬᠠᠵᠠᠢ᠃ ᠮᠤᠵᠢ ᠤᠷᠤᠨ ᠬᠤᠳᠠ ᠶᠢᠨ ᠭᠠᠳᠠᠭᠠᠳᠤ ᠤᠯᠤᠰ ᠤᠨ ᠮᠡᠷᠬᠡᠵᠢᠯᠳᠡᠨ ᠤ ᠲᠤᠪᠴᠢᠶᠠᠨ ᠡᠴᠡ ᠨᠦᠬᠦᠴᠡᠯ ᠳᠤ ᠨᠡᠶᠢᠴᠡᠬᠦ ᠶᠢ ᠲᠤᠳᠤᠯᠠᠭᠰᠠᠨ ᠭᠠᠳᠠᠭᠠᠳᠤ ᠤᠯᠤᠰ ᠤᠨ ᠴᠢᠳᠠᠪᠤᠷᠢᠳᠡᠨ ᠳᠤ 5 ᠵᠢᠯ ᠪᠤᠶᠤ 10 ᠵᠢᠯ ᠤᠨ ᠬᠦᠴᠦᠨ ᠲᠠᠢ ᠤᠯᠠᠨ ᠤᠳᠠᠭ᠎ᠠ ᠬᠢᠯᠢ ᠳᠤ ᠤᠷᠤᠵᠤ ᠪᠤᠯᠬᠤ᠂ ᠤᠳᠠᠭ᠎ᠠ ᠪᠦᠷᠢ 180 ᠡᠳᠤᠷ ᠰᠠᠭᠤᠵᠤ ᠪᠤᠯᠬᠤ ᠴᠢᠳᠠᠪᠤᠷᠢᠳᠡᠨ ᠤ ᠸᠢᠰᠠ ᠲᠠᠷᠬᠠᠭᠠᠨ᠎ᠠ᠃ ᠡᠬᠦᠨ ᠳᠤ ᠨᠦᠬᠦᠷ ( ᠬᠠᠳᠤᠭᠲᠠᠢ) ᠵᠢᠴᠢ ᠦᠷ᠎ᠡ ᠬᠡᠦᠬᠡᠳ ᠲᠤᠨᠢ ᠴᠤ ᠠᠳᠠᠯᠢ ᠬᠤᠭᠤᠴᠠᠭᠠᠨ ᠤ ᠤᠯᠠᠨ ᠤᠳᠠᠭᠠᠨ ᠤ ᠬᠠᠷᠭᠠᠯᠵᠠᠭᠰᠠᠨ ᠲᠦᠷᠦᠯ ᠤᠨ ᠸᠢᠰᠠ ᠲᠠᠷᠬᠠᠭᠠᠨ᠎ᠠ᠃ ᠸᠢᠰᠠ ᠡᠷᠡᠮᠡᠯᠵᠡᠯᠡᠨ ᠬᠦᠢᠴᠡᠳᠬᠡᠬᠦ ᠪᠦᠲᠦᠮᠵᠢ ᠶᠢ ᠲᠡᠭᠡᠭ᠍ᠰᠢᠯᠡᠬᠦᠯᠦᠨ᠎ᠡ᠃ ᠪᠦᠬᠦ ᠶᠠᠪᠤᠴᠠ ᠳᠤ ᠨᠧᠲ ᠢᠶᠡᠷ᠂ ᠠᠪᠤᠨ ᠲᠤᠤᠷ᠎ᠠ ᠨᠢ ᠬᠢᠨᠠᠵᠤ ᠬᠦᠢᠴᠡᠳᠬᠡᠬᠦ ᠠᠷᠭ᠎ᠠ ᠪᠡᠷ ᠬᠢᠨᠠᠨ ᠰᠢᠯᠭᠠᠬᠤ᠂ ᠲᠠᠷᠬᠠᠭᠠᠬᠤ ᠬᠤᠭᠤᠴᠠᠭ᠎ᠠ ᠶᠢ ᠬᠢᠵᠠᠭᠠᠷᠯᠠᠨ᠂ ᠭᠠᠳᠠᠭᠠᠳᠤ  ᠤᠯᠤᠰ ᠤᠨ ᠴᠢᠳᠠᠪᠤᠷᠢᠳᠡᠨ ᠤ ᠬᠢᠷᠢ ᠲᠦᠪᠰᠢᠨ ᠢ ᠰᠢᠯᠭᠠᠬᠤ ᠬᠤᠭᠤᠴᠠᠭ᠎ᠠ ᠶᠢ 5 ᠠᠵᠢᠯ ᠤᠨ ᠡᠳᠤᠷ ᠢᠶᠡᠷ ᠪᠤᠭᠤᠨᠢᠰᠬᠠᠵᠤ᠂ ᠲᠡᠭᠡᠳᠤ ᠲᠦᠪᠰᠢᠨ ᠤ ᠴᠢᠳᠠᠪᠤᠷᠢᠳᠡᠨ ᠵᠢᠴᠢ ᠬᠡᠷ ᠪᠦᠯᠢ ᠶᠢᠨ ᠬᠢᠨ ᠤ ᠸᠢᠰᠠ ᠶᠢ ᠡᠷᠡᠮᠡᠯᠵᠡᠭᠰᠡᠨ ᠤ ᠬᠢᠨᠢ ᠲᠠᠷᠠᠭ᠎ᠠ ᠡᠳᠤᠷ  ᠤᠯᠭᠤᠨ᠎ᠠ᠃ ᠡᠬᠦᠨ ᠳᠤ ᠡᠷᠡᠮᠡᠯᠵᠡᠯᠡᠬᠦ ᠵᠠᠷᠤᠳᠠᠯ ᠡᠴᠡ ᠬᠡᠯᠳᠦᠷᠢᠬᠦᠯᠵᠤ᠂ ᠭᠠᠳᠠᠭᠠᠳᠤ  ᠤᠯᠤᠰ ᠤᠨ ᠴᠢᠳᠠᠪᠤᠷᠢᠳᠡᠨ ᠵᠢᠴᠢ ᠬᠡᠷ ᠪᠦᠯᠢ ᠶᠢᠨ ᠬᠢᠨ ᠳᠤ 《 ᠲᠡᠭ᠌ ᠵᠠᠷᠤᠳᠠᠯ》 ᠢᠶᠡᠷ ᠬᠦᠢᠴᠡᠳᠬᠡᠨ᠎ᠡ᠃

    ᠡᠬᠦᠨ ᠡᠴᠡ ᠭᠠᠳᠠᠨ᠎ᠠ᠂ ᠭᠠᠳᠠᠭᠠᠳᠤ  ᠤᠯᠤᠰ ᠤᠨ ᠴᠢᠳᠠᠪᠤᠷᠢᠳᠡᠨ ᠤ ᠬᠢᠷᠢ ᠲᠦᠪᠰᠢᠨ᠂ ᠠᠵᠢᠯᠯᠠᠬᠤ ᠶᠢ ᠵᠦᠪᠰᠢᠶᠡᠷᠡᠬᠦ᠂ ᠰᠠᠭᠤᠷᠢᠰᠢᠬᠤ ᠵᠡᠷᠬᠡ ᠰᠤᠷᠠᠭ ᠵᠠᠩᠬᠢ ᠶᠢᠨ ᠪᠠᠶᠠᠯᠢᠭ ᠢ ᠬᠤᠪᠢᠶᠠᠯᠴᠠᠬᠤ ᠪᠤᠯᠤᠨ ᠤᠷᠭᠠᠨᠢᠬ ᠢᠶᠡᠷ ᠤᠶᠠᠯᠳᠤᠭᠤᠯᠬᠤ ᠪᠠᠶᠢᠭᠤᠯᠤᠮᠵᠢ ᠶᠢᠨ ᠲᠠᠯ᠎ᠠ ᠪᠡᠷ ᠬᠡᠷᠡᠭᠵᠢᠬᠦᠯᠬᠦ ᠠᠷᠭ᠎ᠠ ᠳᠤ ᠵᠤᠬᠢᠬᠤ ᠲᠤᠭᠳᠠᠭᠠᠯ ᠭᠠᠷᠭᠠᠵᠠᠢ᠃

    ᠤᠶᠢᠯᠠᠭᠠᠭᠰᠠᠨ ᠢᠶᠡᠷ ᠪᠡᠭᠡᠵᠢᠩ ᠤᠨ ᠭᠠᠳᠠᠭᠠᠳᠤ ᠤᠯᠤᠰ ᠤᠨ ᠮᠡᠷᠬᠡᠵᠢᠯᠳᠡᠨ ᠤ ᠲᠤᠪᠴᠢᠶ᠎ᠠ 2018 ᠤᠨ ᠤ 1 ᠰᠠᠷ᠎ᠠ ᠶᠢᠨ 2 ᠤᠨ ᠡᠳᠤᠷ ᠡᠴᠡ ᠡᠬᠢᠯᠡᠨ ᠤᠯᠤᠰ ᠲᠠᠶᠠᠭᠠᠷ ᠤᠨ ᠠᠩᠬᠠᠨ ᠤ 《 ᠭᠠᠳᠠᠭᠠᠳᠤ ᠤᠯᠤᠰ ᠤᠨ ᠲᠡᠭᠡᠳᠤ ᠲᠦᠪᠰᠢᠨ ᠤ ᠴᠢᠳᠠᠪᠤᠷᠢᠳᠡᠨ ᠢ ᠪᠠᠳᠤᠯᠠᠭᠠᠵᠢᠭᠤᠯᠬᠤ ᠤᠷᠢᠯᠭ᠎ᠠ》 ᠶᠠᠪᠤᠭᠤᠯᠪᠠ᠃

ᠢᠷᠡᠯᠳᠡ᠄ ᠠᠷᠠᠳ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122217529