蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ 2016 ᠤᠨ ᠤ GDP ᠬᠠᠮᠤᠭ ᠤᠨ ᠡᠴᠦᠰ ᠤᠨ ᠬᠢᠨᠠᠨ ᠪᠤᠲᠤᠯᠲᠠ ᠪᠡᠷ 743585 ᠳ᠋ᠦᠩᠰᠢᠭᠤᠷ ᠲᠦᠭᠦᠷᠢᠭ᠌ ᠲᠤ ᠬᠦᠷᠴᠡᠢ

2018-01-06 15:56

    ᠰᠢᠨᠬᠤᠧᠠ ᠬᠤᠷᠢᠶ᠎ᠠ   ᠪᠡᠭᠡᠵᠢᠩ ᠤᠨ 1 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠴᠸᠨ ᠸᠸᠢ ᠸᠸᠢ ) ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠡᠴᠡ 5 ᠤ ᠡᠲᠦᠷ ᠠᠯᠪᠠᠨ ᠮᠡᠲᠡᠭᠡ ᠨᠡᠶᠢᠲᠡᠯᠡᠵᠦ᠂ ᠬᠠᠮᠤᠭ ᠤᠨ ᠡᠴᠦᠰ ᠤᠨ ᠬᠢᠨᠠᠯᠲᠠ ᠪᠡᠷ 2016 ᠤᠨ ᠤ ᠮᠠᠨ ᠤ ᠤᠯᠤᠰ ᠤᠨ ᠤᠯᠤᠰ ᠤᠨ ᠲᠤᠲᠤᠭᠠᠲᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠦᠨᠦ ᠶᠢᠨ ᠬᠠᠩᠰᠢ ᠶᠢᠨ ᠶᠡᠷᠦᠩᠬᠡᠢ ᠬᠡᠮᠵᠢᠶ᠎ᠠ 743585 ᠳ᠋ᠦᠩᠰᠢᠭᠤᠷ ᠲᠦᠭᠦᠷᠢᠭ᠌ ᠬᠦᠷᠪᠡ᠂ ᠡᠨᠡ ᠨᠢ ᠠᠩᠬᠠᠨ ᠤ ᠲᠦᠯᠦᠪᠯᠡᠨ ᠪᠤᠲᠤᠭᠰᠠᠨ ᠡᠴᠡ ᠪᠠᠨ 542 ᠳ᠋ᠦᠩᠰᠢᠭᠤᠷ ᠲᠦᠭᠦᠷᠢᠭ᠌ ᠪᠠᠭᠠᠰᠪᠠ᠂ ᠬᠡᠷᠪᠡ ᠬᠤᠪᠢᠷᠠᠯᠲᠠ ᠦᠭᠡᠢ ᠬᠠᠩᠰᠢ ᠪᠡᠷ ᠪᠤᠲᠤᠪᠠᠯ ᠲᠡᠭᠡᠷ᠎ᠡ ᠵᠢᠯ ᠤᠨ ᠬᠢ ᠡᠴᠡ 6.7%  ᠪᠡᠷ ᠨᠡᠮᠡᠭᠲᠡᠵᠦ᠂ ᠠᠩᠬᠠᠨ ᠤ ᠲᠦᠯᠦᠪᠯᠡᠨ ᠪᠤᠲᠤᠭᠰᠠᠨ ᠲᠠᠢ ᠪᠠᠨ ᠠᠳᠠᠯᠢ ᠪᠤᠯᠤᠨ᠎ᠠ ᠭᠡᠵᠡᠢ᠃

    GDP ᠢ᠋ ᠬᠢᠨᠠᠨ ᠪᠤᠲᠤᠬᠤ ᠴᠠᠭᠴᠢ ᠴᠢᠨᠠᠷ ᠤᠨ ᠱᠠᠭᠠᠷᠲᠠᠯᠭ᠎ᠠ ᠶᠤᠰᠤᠭᠠᠷ ᠮᠠᠨ ᠤ ᠤᠯᠤᠰ ᠵᠢᠯ ᠪᠦᠷᠢ ᠶᠢᠨ GDP ᠢ᠋ ᠬᠤᠶᠠᠷ ᠤᠲᠠᠭ᠎ᠠ ᠬᠢᠨᠠᠨ ᠪᠤᠲᠤᠬᠤ ᠵᠤᠷᠰᠢᠯ ᠲᠠᠢ ᠶᠤᠮ᠃ ᠨᠢᠭᠡᠲᠦᠭᠡᠷ ᠤᠲᠠᠭ᠎ᠠ ᠪᠤᠯ ᠬᠠᠮᠤᠭ ᠤᠨ ᠠᠩᠬᠠᠨ ᠤ ᠲᠦᠯᠦᠪᠯᠡᠨ ᠪᠤᠲᠤᠯᠲᠠ ᠪᠠᠶᠢᠵᠤ ᠢᠷᠡᠬᠦ ᠤᠨ ᠤ 1 ᠰᠠᠷ᠎ᠠ ᠳ᠋ᠤ ᠲᠠᠭᠤᠰᠬᠠᠨ᠎ᠠ᠃ ᠬᠤᠶᠠᠲᠤᠭᠠᠷ ᠤᠲᠠᠭᠠᠨ ᠤ ᠡᠴᠦᠰ ᠤᠨ ᠬᠢᠨᠠᠨ ᠪᠤᠲᠤᠯᠲᠠ ᠶᠢ ᠤᠨ ᠦᠨᠵᠢᠭᠰᠡᠨ ᠤ ᠲᠠᠷᠠᠭ᠎ᠠ 1 ᠰᠠᠷ᠎ᠠ ᠳ᠋ᠤ ᠲᠠᠭᠤᠰᠬᠠᠨ᠎ᠠ᠃

    

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
关闭
010070230030000000000000011120701122220093