蒙古文网站Logo
ᠰᠢᠨᠬᠤᠸᠠ ᠮᠤᠩᠭ᠋ᠤᠯ ᠨᠧᠲ

ᠬᠠᠯᠳᠠᠪᠤᠷᠢᠳᠤ ᠳᠠᠭᠰᠢᠭᠤᠷ ᠬᠡᠴᠡᠬᠦᠳᠡᠭᠰᠡᠨ ᠳᠠᠯ᠎ᠠ ᠪᠡᠷ ᠤᠯᠤᠰ ᠤᠨ ᠡᠷᠡᠬᠦᠯ ᠬᠠᠮᠠᠭᠠᠯᠠᠯ ᠳᠦᠯᠦᠪᠯᠡᠬᠡᠳᠦ ᠦᠷᠡᠵᠢᠯ ᠤᠨ ᠵᠦᠪᠯᠡᠯ ᠢᠩᠬᠢᠵᠤ ᠬᠡᠯᠡᠪᠡ

2018-01-10 10:46

    ᠰᠢᠨᠬᠤᠧᠠ ᠨᠧᠲ   ᠪᠡᠭᠡᠵᠢᠩ ᠤᠨ 1 ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ (ᠳ᠋ᠢ ᠳ᠋ᠦᠩ ᠨᠠ) ᠡᠪᠦᠯ ᠪᠤᠯᠤᠭᠰᠠᠨ ᠡᠴᠡ ᠨᠠᠰᠢ ᠬᠠᠯᠳᠠᠪᠤᠷᠢᠳᠤ ᠳᠠᠭᠰᠢᠭᠤᠷ ᠬᠡᠴᠡᠬᠦᠳᠡᠭᠰᠡᠨ ᠠᠰᠠᠭᠤᠳᠠᠯ ᠢᠶᠡᠷ ᠤᠯᠤᠰ ᠤᠨ ᠡᠷᠡᠬᠦᠯ ᠬᠠᠮᠠᠭᠠᠯᠠᠯ ᠳᠦᠯᠦᠪᠯᠡᠬᠡᠳᠦ ᠦᠷᠡᠵᠢᠯ ᠤᠨ ᠵᠦᠪᠯᠡᠯ 9 ᠤ ᠡᠳᠦᠷ ᠳᠤᠰᠬᠠᠢ ᠬᠤᠷᠠᠯ ᠬᠤᠷᠠᠯᠳᠤᠭᠤᠯᠵᠤ᠂ 2017 ᠤᠨ ᠤ ᠡᠪᠦᠯ ᠤᠨ ᠠᠭᠤᠷ ᠤᠷᠤᠭᠰᠠᠨ ᠡᠴᠡ ᠨᠠᠰᠢ ᠤᠯᠤᠰ ᠤᠨ ᠬᠡᠮᠵᠢᠶᠡᠨ ᠳᠤ ᠬᠠᠯᠳᠠᠪᠤᠷᠢᠳᠤ ᠳᠠᠭᠰᠢᠭᠤᠷ ᠤᠯᠠᠮ ᠢᠶᠡᠷ ᠬᠡᠴᠡᠬᠦᠳᠡᠭᠰᠡᠨ᠂ ᠬᠡᠪᠡᠴᠤ ᠸᠢᠷᠦ᠋ᠰ ᠬᠤᠪᠢᠰᠤᠭ᠎ᠠ ᠦᠬᠡᠢ᠂ ᠬᠢᠵᠢᠭ᠌ ᠢ ᠰᠡᠷᠬᠡᠶᠢᠯᠡᠬᠦ ᠳᠠᠷᠢᠯᠭ᠎ᠠ ᠪᠤᠯᠤᠨ ᠳ᠋ᠠ ᠹᠧᠢ (达菲) ᠮᠡᠳᠦ ᠶᠢᠨ ᠡᠮ ᠢ ᠵᠤᠬᠢᠰᠳᠠᠢ ᠬᠡᠷᠡᠭᠯᠡᠵᠤ ᠪᠤᠯᠤᠨ᠎ᠠ ᠬᠡᠵᠡᠢ᠃

    ᠤᠯᠤᠰ ᠤᠨ ᠡᠷᠡᠬᠦᠯ ᠬᠠᠮᠠᠭᠠᠯᠠᠯ ᠳᠦᠯᠦᠪᠯᠡᠬᠡᠳᠦ ᠦᠷᠡᠵᠢᠯ ᠤᠨ ᠵᠦᠪᠯᠡᠯ ᠤᠨ ᠬᠢᠨ᠂ ᠤᠳᠤᠬᠠᠨ ᠳᠤ ᠤᠯᠠᠨ ᠭᠠᠵᠠᠷ ᠤᠨ ᠡᠮᠨᠡᠯᠬᠡ ᠳᠤ ᠡᠪᠡᠳᠴᠢᠳᠡᠨ ᠤᠯᠠᠳᠠᠵᠤ᠂ ᠡᠮ ᠡᠮᠨᠡᠯᠬᠡ ᠶᠢᠨ ᠳᠠᠷᠤᠮᠳᠠ ᠬᠦᠨᠳᠦᠷᠡᠵᠤ ᠪᠠᠶᠢᠨ᠎ᠠ᠃ ᠡᠨᠡᠬᠦ ᠬᠠᠯᠳᠠᠪᠤᠷᠢᠳᠤ ᠳᠠᠭᠰᠢᠭᠤᠷ ᠨᠢ ᠤᠯᠠᠨ ᠵᠦᠢᠯ ᠤᠨ ᠰᠢᠯᠳᠠᠭᠠᠨ ᠳᠠᠪᠬᠤᠴᠠᠭᠰᠠᠨ ᠡᠴᠡ ᠪᠤᠯᠤᠭᠰᠠᠨ᠂ ᠳᠦᠰᠦᠬᠡᠯᠡᠵᠤ ᠪᠠᠶᠢᠭ᠎ᠠ ᠪᠡᠷ ᠪᠠᠰᠠ ᠨᠢᠬᠡ ᠬᠤᠭᠤᠴᠠᠭ᠎ᠠ ᠦᠷᠬᠦᠯᠵᠢᠯᠡᠬᠦ ᠪᠤᠯᠪᠠᠴᠤ ᠰᠤᠷᠭᠠᠭᠤᠯᠢ ᠨᠤᠭᠤᠳ ᠡᠪᠦᠯ ᠤᠨ ᠠᠮᠠᠷᠠᠯᠳᠠ ᠶᠢᠨ ᠴᠢᠯᠦᠬᠡ ᠳᠠᠯᠪᠢᠬᠤ ᠶᠢ ᠳᠠᠭᠠᠯᠳᠤᠨ ᠠᠭᠠᠵᠢᠮ ᠢᠶᠡᠷ ᠨᠠᠮᠳᠠᠨ᠎ᠠ ᠬᠡᠵᠡᠢ᠃

    ᠳᠤᠮᠳᠠᠳᠤ ᠤᠯᠤᠰ ᠤᠨ ᠬᠢᠵᠢᠭ᠌ ᠢ ᠰᠡᠷᠬᠡᠶᠢᠯᠡᠬᠦ ᠳᠦᠪ ᠤᠨ ᠳᠡᠳ᠋ ᠡᠷᠬᠢᠯᠡᠭᠴᠢ ᠹᠧᠩ ᠽᠢ ᠵᠢᠶᠠᠨ᠂ ᠬᠡᠤᠬᠡᠳ ᠨᠢᠯᠬᠠᠰ ᠬᠢᠬᠡᠳ ᠪᠦᠰᠡᠬᠦᠶᠢᠴᠤᠳ᠂ ᠨᠠᠰᠤᠳᠠᠶᠢᠴᠤᠳ ᠬᠢᠵᠢᠭ᠌ ᠢ ᠰᠡᠷᠬᠡᠶᠢᠯᠡᠬᠦ ᠳᠠᠷᠢᠯᠭ᠎ᠠ ᠬᠢᠵᠤ ᠡᠨᠡᠬᠦ ᠬᠠᠯᠳᠠᠪᠤᠷᠢᠳᠤ ᠳᠠᠭᠰᠢᠭᠤᠷ ᠢ ᠰᠡᠷᠬᠡᠶᠢᠯᠡᠬᠦ ᠴᠢᠬᠤᠯᠠ ᠲᠠᠢ ᠬᠡᠵᠡᠢ᠃

    ᠤᠶᠢᠯᠠᠭᠠᠭᠰᠠᠨ ᠢᠶᠡᠷ᠂ ᠳ᠋ᠠ ᠹᠧᠢ ᠮᠡᠳᠦ ᠶᠢᠨ ᠸᠢᠷᠦ᠋ᠰ ᠡᠰᠡᠷᠬᠦᠴᠡᠬᠦ ᠡᠮ ᠢ ᠪᠠᠰᠠ ᠤᠤᠭᠤᠵᠤ ᠪᠤᠯᠬᠤ ᠶᠤᠮ ᠪᠠᠶᠢᠨ᠎ᠠ᠂ ᠵᠠᠷᠢᠮ ᠡᠮᠨᠡᠯᠬᠡ ᠳᠤ ᠡᠳᠡᠬᠡᠷ ᠡᠮ ᠳᠤᠳᠠᠭᠳᠠᠵᠤ ᠪᠠᠶᠢᠭ᠎ᠠ ᠪᠠᠶᠢᠳᠠᠯ ᠳᠤ ᠬᠠᠨᠳᠤᠭᠤᠯᠤᠨ ᠡᠷᠡᠬᠦᠯ ᠬᠠᠮᠠᠭᠠᠯᠠᠯ ᠳᠦᠯᠦᠪᠯᠡᠬᠡᠳᠦ ᠦᠷᠡᠵᠢᠯ ᠤᠨ ᠵᠦᠪᠯᠡᠯ ᠨᠢ ᠡᠯ᠎ᠠ ᠭᠠᠵᠠᠷ ᠤᠨ ᠡᠮ ᠡᠮᠨᠡᠯᠬᠡ ᠶᠢᠨ ᠪᠠᠶᠢᠭᠤᠯᠤᠮᠵᠢ ᠳᠤ ᠮᠡᠳᠡᠭᠳᠡᠯ ᠪᠠᠭᠤᠯᠭᠠᠵᠤ ᠰᠠᠭᠠᠳ ᠦᠬᠡᠢ ᠬᠤᠩᠬᠢᠯ ᠭᠠᠷᠭᠠᠨ᠂ ᠸᠢᠷᠦ᠋ᠰ ᠡᠰᠡᠷᠬᠦᠴᠡᠬᠦ ᠡᠮ ᠤᠨ ᠬᠠᠩᠭᠠᠯᠭ᠎ᠠ ᠶᠢ ᠪᠠᠳᠤᠯᠠᠬᠤ ᠪᠡᠷ ᠪᠤᠢ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122237579