蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ 3 ᠲᠦᠰᠦᠯ  2017 ᠤᠨ ᠤ ᠶᠡᠬᠡ ᠲᠡᠭᠡᠳᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠳᠤᠯᠭᠠᠨ ᠤ ᠰᠢᠯᠢᠳᠡᠭ ᠪᠦᠲᠦᠭᠡᠯ ᠤᠨ ᠱᠠᠩᠨᠠᠯ ᠬᠦᠷᠳᠡᠪᠡ

2018-01-10 11:38

    ᠤᠶᠢᠷ᠎ᠠ ᠳᠤ᠂ ᠰᠤᠷᠭᠠᠨ ᠬᠦᠮᠦᠵᠢᠯ ᠤᠨ ᠶᠠᠮᠤᠨ ᠤ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠦᠭ᠍ᠵᠢᠯᠳᠡ ᠶᠢᠨ ᠲᠦᠪ 2017 ᠤᠨ ᠤ ᠶᠡᠭᠡ ᠲᠡᠭᠡᠳᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠯᠢᠳᠡᠭ ᠪᠦᠲᠦᠬᠡᠯ ( ᠰᠢᠨᠵᠢᠯᠡᠬᠦ ᠤᠬᠠᠭᠠᠨ ᠲᠧᠭᠨᠤᠯᠤᠬᠢ) ᠤᠨ ᠱᠠᠩᠨᠠᠯ ᠤᠯᠤᠭᠰᠠᠨ ᠳ᠋ᠦᠩ ᠢ ᠨᠡᠶᠢᠳᠡᠯᠡᠪᠡ᠃ ᠡᠬᠦᠨ ᠳᠤ ᠦᠪᠦᠷ ᠮᠤᠩᠭ᠋ᠤᠯ ᠤᠨ 3 ᠲᠦᠰᠦᠯ ᠱᠠᠩᠨᠠᠯ ᠬᠦᠷᠳᠡᠪᠡ᠂ ᠨᠢᠬᠡᠳᠤᠬᠡᠷ ᠲᠡᠰ ᠤᠨ ᠱᠠᠩᠨᠠᠯ ᠳᠤ ᠨᠢᠬᠡ ᠲᠦᠰᠦᠯ᠂ ᠬᠤᠶᠠᠳᠤᠭᠠᠷ ᠲᠤ ᠬᠤᠶᠠᠷ ᠲᠦᠰᠦᠯ ᠤᠷᠤᠪᠠ᠃

    ᠦᠪᠦᠷ ᠮᠤᠩᠭ᠋ᠤᠯ ᠤᠨ ᠬᠦᠳᠡᠬᠡ ᠠᠵᠤ ᠠᠬᠤᠢ ᠶᠢᠨ ᠶᠡᠬᠡ ᠰᠤᠷᠭᠠᠭᠤᠯᠢ᠂ ᠴᠢᠩᠬᠤᠸᠠ ᠶᠡᠬᠡ ᠰᠤᠷᠭᠠᠭᠤᠯᠢ᠂ ᠾᠧ ᠬᠠᠢ ᠶᠡᠬᠡ ᠰᠤᠷᠭᠠᠭᠤᠯᠢ᠂ ᠨᠠᠨᠵᠢᠩ ᠶᠡᠬᠡ ᠰᠤᠷᠭᠠᠭᠤᠯᠢ ᠬᠠᠮᠳᠤᠷᠠᠨ ᠪᠡᠶᠡᠯᠡᠬᠦᠯᠦᠭᠰᠡᠨ《 ᠬᠦᠢᠳᠡᠨ ᠬᠠᠭᠤᠷᠠᠢ ᠪᠦᠰᠡ ᠨᠤᠳᠤᠭ ᠲᠤ ᠤᠰᠤᠨ ᠤ ᠡᠬᠢ ᠪᠠᠶᠠᠯᠢᠭ ᠤᠨ ᠰᠢᠰᠲ᠋ᠧᠮ ᠪᠤᠯᠤᠨ ᠠᠮᠢ ᠠᠬᠤᠢ ᠶᠢᠨ ᠡᠳ᠋ ᠤᠨ ᠵᠠᠰᠠᠭ ᠲᠤ ᠰᠠᠭᠤᠷᠢᠯᠠᠭᠰᠠᠨ ᠤᠰᠤᠨ ᠤ ᠡᠬᠢ ᠪᠠᠶᠠᠯᠢᠭ ᠤᠨ ᠵᠤᠬᠢᠰᠲᠠᠢ ᠲᠤᠬᠢᠷᠠᠭᠤᠯᠭ᠎ᠠ》 ᠶᠢᠨ ᠦᠷ᠎ᠡ ᠪᠦᠲᠦᠮᠵᠢ ᠨᠢ ᠰᠢᠨᠵᠢᠯᠡᠬᠦ ᠤᠬᠠᠭᠠᠨ ᠲᠧᠭᠨᠤᠯᠤᠬᠢ ᠶᠢᠨ ᠨᠢᠬᠡᠳᠤᠬᠡᠷ ᠲᠡᠰ ᠤᠨ ᠱᠠᠩᠨᠠᠯ ᠲᠤᠰᠪᠠ᠃ ᠲᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠬᠡ ᠰᠤᠷᠭᠠᠭᠤᠯᠢ᠂ ᠱᠧᠨ ᠬᠤᠸᠠ ᠵᠡᠬᠦᠨᠭᠠᠷ ᠤᠨ ᠡᠷᠴᠢᠮ ᠬᠦᠴᠦᠨ ᠤ ᠬᠢᠵᠠᠭᠠᠷᠳᠤ ᠬᠤᠪᠢᠴᠠᠭᠠᠳᠤ ᠺᠤᠮᠫᠠᠨᠢ᠂ ᠬᠤᠸᠠ ᠨᠧᠩ ᠯᠢ ᠮᠢᠨ ᠨᠡᠬᠦᠷᠡᠰᠦ ᠴᠠᠬᠢᠯᠭᠠᠨ ᠤ ᠬᠢᠵᠠᠭᠠᠷᠳᠤ ᠬᠤᠪᠢᠴᠠᠭᠠᠳᠤ ᠺᠤᠮᠫᠠᠨᠢ᠂ ᠶᠦᠨᠨᠠᠨ ᠤ ᠰᠢᠶᠤᠤ ᠯᠦᠩ ᠲᠠᠨ ᠤ ᠠᠭᠤᠷᠬᠠᠢ ᠶᠢᠨ ᠲᠤᠪᠴᠢᠶ᠎ᠠ ᠬᠠᠮᠳᠤᠷᠠᠨ ᠪᠡᠶᠡᠯᠡᠬᠦᠯᠦᠭᠰᠡᠨ《ᠵᠠᠳᠠᠭᠠᠢ ᠨᠡᠬᠦᠷᠡᠰᠦ ᠠᠭᠤᠷᠬᠠᠢ ᠶᠢᠨ ᠨᠡᠬᠡᠬᠡᠯᠳᠡ ᠶᠢᠨ ᠰᠢᠨ᠎ᠡ ᠲᠧᠭ᠍ᠨᠤᠯᠤᠬᠢ ᠶᠢᠨ ᠬᠡᠷᠡᠭᠯᠡᠬᠡ ᠵᠢᠴᠢ ᠲᠤᠭᠳᠠᠪᠤᠷᠢᠳᠤ ᠴᠢᠨᠠᠷ ᠤᠨ ᠡᠵᠡᠮᠰᠢᠯ ᠶᠢᠡᠷ ᠠᠭᠤᠷᠬᠠᠢ ᠮᠠᠯᠳᠠᠬᠤ ᠤᠷᠤᠨ ᠤ ᠮᠡᠷᠬᠡᠵᠢᠯ ᠤᠨ ᠬᠤᠪᠢᠷᠠᠭᠤᠯᠤᠯᠳᠠ》 ᠪᠤᠯᠤᠨ ᠴᠢᠩᠳ᠋ᠤᠤ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠬᠡ ᠰᠤᠷᠭᠠᠭᠤᠯᠢ᠂ ᠴᠢᠩᠳᠤᠤ ᠶᠢᠨ ᠪᠢᠨ ᠬᠠᠢ ᠲᠡᠭᠡᠳᠤ ᠰᠤᠷᠭᠠᠭᠤᠯᠢ᠂ ᠱᠠᠩᠬᠠᠢ ᠶᠢᠨ ᠵᠢᠨ ᠵᠤᠤ ᠡᠷᠴᠢᠮ ᠬᠦᠴᠦ ᠠᠷᠪᠢᠯᠠᠬᠤ ᠰᠢᠨᠵᠢᠯᠡᠬᠦ ᠤᠬᠠᠭᠠᠨ ᠲᠧᠭᠨᠤᠯᠤᠬᠢ ᠶᠢᠨ ᠬᠢᠵᠠᠭᠠᠷᠳᠤ ᠺᠤᠮᠫᠠᠨᠢ᠂ ᠵᠡᠬᠦᠨ ᠬᠤᠶᠢᠳᠤ ᠶᠢᠨ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠦᠨᠳᠦᠰᠤᠳᠠᠨ ᠤ ᠶᠡᠬᠡ ᠰᠤᠷᠭᠠᠭᠤᠯᠢ ᠬᠠᠮᠳᠤᠷᠠᠨ ᠪᠡᠶᠡᠯᠡᠬᠦᠯᠦᠭᠰᠡᠨ 《ᠢᠯᠴᠢ ᠶᠢᠨ ᠨᠦᠯᠦᠭᠡᠯᠡᠯ ᠳᠤ ᠰᠠᠭᠤᠷᠢᠯᠠᠭᠰᠠᠨ ᠨᠠᠨᠤᠮᠧᠲ᠋ᠷ ᠮᠦᠬᠦᠯᠢᠭ᠌ ᠤᠨ ᠮᠡᠷᠭᠡᠵᠢᠯ ᠵᠢᠴᠢ ᠬᠡᠷᠡᠭᠯᠡᠬᠡ》 ᠨᠢ ᠲᠤᠰ ᠲᠤᠰ ᠬᠤᠶᠠᠳᠤᠭᠠᠷ ᠲᠡᠰ ᠤᠨ ᠱᠠᠩᠨᠠᠯ ᠬᠦᠷᠳᠡᠪᠡ᠃

ᠢᠷᠡᠯᠳᠡ᠄ ᠬᠦᠬᠡᠬᠤᠳᠠ ᠶᠢᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122238107