蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠪᠤᠯᠤᠨ ᠵᠡᠭᠦᠨ ᠬᠤᠶᠢᠲᠤ ᠶᠢᠨ ᠪᠦᠰᠡ ᠵᠢ ᠬᠤᠯᠪᠤᠬᠰᠠᠨ ᠠᠩᠬᠠᠨ ᠤ ᠬᠤᠷᠳᠤᠨ ᠤ ᠲᠡᠮᠦᠷ ᠵᠠᠮ ᠢ ᠳᠡᠪᠢᠰᠴᠦ ᠡᠬᠢᠯᠡᠪᠡ

2018-01-10 15:25

    

    ᠰᠢᠨᠬᠤᠸᠠ ᠬᠤᠷᠢᠶ᠎ᠠ  ᠪᠡᠭᠡᠵᠢᠩ ᠤᠨ 1 ᠰᠠᠷ᠎ᠠ ᠶᠢᠨ 7 ᠤ᠋ ᠡᠳᠦᠷ ᠤᠨ ᠴᠠᠬᠢᠯᠭᠠᠨ ᠮᠡᠳᠡᠭᠡ (ᠴᠢ ᠵᠦᠩ ᠰᠢ᠂ ᠢᠨ ᠾᠦᠢ) ᠰᠤᠷᠪᠤᠯᠵᠢᠯᠠᠬᠴᠢ ᠳᠤᠮᠳᠠᠳᠤ ᠤᠯᠤᠰ ᠤᠨ ᠲᠡᠮᠦᠷ ᠵᠠᠮ ᠤᠨ ᠬᠤᠪᠢᠴᠠᠭᠠᠲᠤ ᠬᠢᠵᠠᠭᠠᠷᠲᠤ ᠺᠤᠮᠫᠠᠨᠢ ᠡᠴᠡ ᠤᠶᠢᠯᠠᠭᠠᠬᠰᠠᠨ ᠢᠶᠡᠷ᠂ 7 ᠤ᠋ ᠡᠳᠦᠷ ᠤᠨ ᠦᠳᠡ ᠶᠢᠨ ᠡᠮᠦᠨ᠎ᠡ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠤᠯᠤᠨ ᠵᠡᠭᠦᠨ ᠬᠤᠶᠢᠲᠤ ᠪᠦᠰᠡ ᠵᠢ ᠬᠤᠯᠪᠤᠬᠰᠠᠨ ᠠᠩᠬᠠᠨ ᠤ ᠬᠤᠷᠲᠤᠨ ᠤ ᠲᠡᠮᠦᠷ ᠵᠠᠮ᠎--ᠦᠪᠦᠷ ᠮᠤᠩᠭ᠋ᠤᠯ ᠤᠨ ᠲᠦᠩᠯᠢᠶᠤᠤ ᠦᠷᠲᠡᠭᠡ ᠪᠠ ᠯᠢᠶᠤᠤᠨᠢᠩ ᠮᠤᠵᠢ ᠶᠢᠨ ᠰᠢᠨ ᠮᠢᠨ ᠬᠤᠶᠢᠲᠤ ᠦᠷᠲᠡᠭᠡ ᠵᠢ ᠬᠤᠯᠪᠤᠬᠰᠠᠨ ᠲᠡᠮᠦᠷ ᠵᠠᠮ ᠤᠨ ᠴᠠᠷᠭᠢ ᠳᠡᠪᠢᠰᠬᠦ ᠠᠵᠢᠯ ᠵᠢᠩᠬᠢᠨᠢ ᠪᠡᠷ ᠡᠬᠢᠯᠡᠵᠡᠢ᠃

    ᠳᠤᠮᠳᠠᠳᠤ ᠤᠯᠤᠰ ᠤᠨ ᠲᠡᠮᠦᠷ ᠵᠠᠮ ᠤᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠠᠷᠪᠠᠨ ᠳᠦᠷᠪᠡᠳᠦᠭᠡᠷ ᠲᠤᠪᠴᠢᠶ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠬᠰᠠᠨ ᠢᠶᠡᠷ᠂ ᠡᠨᠡᠬᠦ ᠬᠤᠷᠲᠤᠨ ᠤ ᠲᠡᠮᠦᠷ ᠵᠠᠮ ᠤᠨ ᠭᠤᠤᠯ ᠱᠤᠭᠤᠮ ᠤᠨ ᠤᠷᠲᠤ ᠨᠢ 398.8 ᠺᠢᠯᠤᠮᠧᠲ᠋ᠷ᠂ ᠡᠭᠦᠨ ᠢ ᠳᠡᠪᠢᠰᠬᠦ ᠳᠤ 2 ᠰᠠᠭᠤᠷᠢ ᠴᠠᠷᠭᠢ ᠳᠡᠪᠢᠰᠬᠦ ᠮᠠᠰᠢᠨ ᠬᠡᠷᠡᠭᠯᠡᠵᠦ᠂ ᠡᠳᠦᠷ ᠲᠤ ᠮᠠᠰᠢᠨ ᠪᠦᠷᠢ 1.5 ᠺᠢᠯᠤᠮᠧᠲ᠋ᠷ ᠡᠴᠡ ᠤᠷᠲᠤ ᠳᠡᠪᠢᠰᠬᠦ ᠵᠢ ᠪᠠᠲᠤᠯᠠᠨ᠎ᠠ᠂ 2018 ᠤᠨ ᠤ 6 ᠰᠠᠷ᠎ᠠ ᠳᠤ ᠠᠵᠢᠯ ᠳᠠᠭᠤᠰᠬᠠᠵᠦ᠂ 7 ᠰᠠᠷ᠎ᠠ ᠳᠤ ᠲᠤᠨᠤᠬ ᠲᠦᠬᠦᠭᠡᠷᠦᠮᠵᠢ ᠵᠢ ᠰᠢᠯᠭᠠᠭᠤᠯᠬᠤ ᠪᠡᠷ ᠲᠦᠯᠦᠪᠯᠡᠵᠦ ᠪᠤᠢ ᠭᠡᠵᠡᠢ᠃

    ᠲᠤᠰ ᠬᠤᠷᠲᠤᠨ ᠤ ᠲᠡᠮᠦᠷ ᠵᠠᠮ ᠤᠨ ᠲᠦᠯᠦᠪᠯᠡᠭᠰᠡᠨ ᠬᠤᠷᠲᠤᠴᠠ ᠨᠢ 250 ᠺᠢᠯᠤᠮᠧᠲ᠋ᠷ᠂ ᠤᠯᠤᠰ ᠤᠨ ᠳᠤᠮᠳᠠ ᠤᠷᠲᠤ ᠬᠤᠭᠤᠴᠠᠭᠠᠨ ᠤ ᠲᠡᠮᠦᠷ ᠵᠠᠮ ᠤᠨ ᠲᠤᠤᠷ ᠤᠨ ᠲᠦᠯᠦᠪᠵᠢᠭᠦᠯᠦᠯᠲᠡ ᠳᠡᠬᠢ《ᠨᠠᠶ᠋ᠮᠠᠨ ᠬᠦᠨᠳᠡᠯᠡᠨ ᠂ ᠨᠠᠶ᠋ᠮᠠᠨ ᠭᠤᠯᠲᠤ》ᠬᠤᠷᠲᠤᠨ ᠤ ᠲᠡᠮᠦᠷ ᠵᠠᠮ ᠤᠨ ᠲᠤᠤᠷ ᠤᠨ ᠨᠢᠭᠡ ᠬᠡᠰᠡᠭ ᠪᠠᠶᠢᠵᠦ᠂ ᠤᠲᠤ ᠪᠠᠶᠢᠭᠤᠯᠵᠦ ᠪᠤᠢ ᠪᠡᠭᠡᠵᠢᠩ ᠮᠦᠭᠳᠡᠨ ᠢ ᠬᠤᠯᠪᠤᠬᠰᠠᠨ ᠬᠤᠷᠲᠤᠨ ᠤ ᠲᠡᠮᠦᠷ ᠵᠠᠮ ᠲᠠᠢ ᠵᠤᠯᠭᠠᠵᠦ᠂ ᠵᠡᠭᠦᠨ ᠬᠤᠶᠢᠲᠤ ᠲᠡᠷᠡᠴᠢᠯᠡᠨ ᠤᠯᠤᠰ ᠤᠨ ᠬᠡᠪᠴᠢᠶᠡᠨ ᠳᠡᠬᠢ ᠬᠤᠷᠲᠤᠨ ᠤ ᠲᠡᠮᠦᠷ ᠵᠠᠮ ᠤᠨ ᠲᠤᠤᠷ ᠲᠤ ᠨᠡᠶᠢᠯᠡᠨ᠎ᠡ᠃ ᠪᠠᠷᠢᠯᠭ᠎ᠠ ᠳᠠᠭᠤᠰᠴᠦ ᠠᠰᠢᠬᠯᠠᠯᠲᠠ ᠳᠤ ᠤᠷᠤᠬᠰᠠᠨ ᠤ ᠳᠠᠷᠠᠭ᠎ᠠ ᠬᠤᠷᠲᠤᠨ ᠤ ᠭᠠᠯᠲᠤ ᠲᠡᠷᠭᠡ ᠪᠡᠷ ᠲᠦᠩᠯᠢᠶᠤᠤ ᠡᠴᠡ ᠮᠦᠭᠳᠡᠨ ᠬᠦᠷᠬᠦ ᠳᠤ ᠪᠠᠷᠤᠬ 1.5 ᠴᠠᠬ (ᠤᠳᠤ 5 ᠴᠠᠬ ᠠᠶᠠᠯᠠᠵᠦ ᠪᠤᠢ) ᠬᠡᠷᠡᠭᠰᠡᠵᠦ᠂ ᠲᠦᠩᠯᠢᠶᠤᠤ ᠡᠴᠡ ᠪᠡᠭᠡᠵᠢᠩ ᠬᠦᠷᠬᠦ ᠳᠤ ᠪᠠᠷᠤᠬ 3.5 ᠴᠠᠬ (ᠤᠳᠤ 14 ᠴᠠᠬ ᠠᠶᠠᠯᠠᠵᠦ ᠪᠤᠢ) ᠯᠡ ᠬᠡᠷᠡᠭᠰᠡᠬᠦ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122239018