蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠯᠤᠰ ᠤᠨ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠪᠦᠯᠤᠭ᠍ᠯᠡᠯ 2018 ᠤᠨ ᠳᠤ 35 ᠤᠳᠠᠭ᠎ᠠ ᠬᠦᠬᠡᠷᠬᠡᠬᠦ ᠪᠡᠷ ᠲᠦᠯᠦᠪᠯᠡᠵᠤ ᠪᠤᠢ

2018-01-10 16:38

    ᠰᠤᠷᠪᠤᠯᠵᠢᠯᠠᠭᠴᠢ ᠲᠤᠮᠳᠠᠳᠤ ᠤᠯᠤᠰ ᠤᠨ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠪᠦᠯᠦᠭᠯᠡᠯ ᠡᠴᠡ ᠤᠶᠢᠯᠠᠭᠠᠭᠰᠠᠨ ᠢᠶᠡᠷ᠂ 2018 ᠤᠨ ᠳᠤ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠪᠦᠯᠦᠭᠯᠡᠯ ᠴᠠᠩ ᠵᠧᠩ ᠲᠠᠪᠤ ᠨᠤᠮᠧᠷᠳᠤ᠂ ᠴᠠᠩ ᠧ ᠲᠦᠷᠪᠡ ᠨᠤᠮᠧᠷᠳᠤ ᠪᠡᠷ ᠰᠠᠷᠠᠨ ᠳᠤ ᠭᠠᠷᠬᠤ ᠪᠤᠯᠤᠨ ᠲᠤᠬᠢᠭᠤᠷ ᠲᠤᠯᠤᠭ᠎ᠠ ᠲᠠᠭᠠᠭᠤᠯᠢ ᠤᠳᠤᠨ ᠤ ᠰᠦᠯᠵᠢᠶ᠎ᠡ ᠪᠡᠷ ᠲᠦᠯᠦᠭᠡᠯᠡᠬᠦᠯᠦᠭᠰᠡᠨ 35 ᠰᠠᠨᠰᠠᠷ ᠠᠶᠠᠯᠠᠯ ᠤᠨ ᠬᠦᠬᠡᠷᠬᠡᠬᠦ ᠡᠬᠦᠷᠬᠡ ᠶᠢ ᠪᠡᠶᠡᠯᠡᠬᠦᠯᠵᠤ᠂ ᠬᠦᠬᠡᠷᠬᠡᠬᠦ ᠤᠳᠠᠭ᠎ᠠ ᠨᠢ ᠲᠡᠦᠬᠡ ᠶᠢᠨ ᠰᠢᠨ᠎ᠡ ᠶᠢ ᠡᠬᠦᠳᠬᠦ ᠪᠤᠯᠤᠨ᠎ᠠ᠃

    ᠤᠶᠢᠯᠠᠭᠠᠭᠰᠠᠨ ᠢᠶᠡᠷ᠂ 2018 ᠤᠨ ᠪᠤᠯ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠪᠦᠯᠦᠭᠯᠡᠯ ᠪᠠᠶᠢᠭᠤᠯᠤᠭᠳᠠᠭᠰᠠᠨ ᠡᠴᠡ ᠨᠠᠰᠢᠬᠢ ᠡᠬᠦᠷᠬᠡ ᠬᠠᠮᠤᠭ ᠤᠨ ᠬᠦᠨᠳᠤ᠂ ᠬᠠᠮᠤᠭ ᠤᠨ ᠴᠢᠬᠤᠯᠠ ᠨᠢᠬᠡ ᠵᠢᠯ ᠪᠤᠯᠤᠨ᠎ᠠ᠂ ᠤᠯᠠᠨ ᠲᠦᠷᠦᠯ ᠤᠨ ᠬᠦᠨᠳᠤ ᠴᠢᠬᠤᠯᠠ ᠲᠦᠰᠦᠯ ᠤᠨ ᠡᠬᠦᠷᠬᠡ ᠰᠤᠳᠤᠯᠤᠨ ᠦᠢᠯᠡᠳᠬᠦ ᠵᠠᠩᠬᠢᠯᠠᠭ᠎ᠠ ᠶᠢᠨ ᠱᠠᠳᠤᠨ ᠳᠤ ᠪᠠᠨ ᠤᠷᠤᠵᠤ᠂ ᠬᠦᠨᠳᠤ ᠴᠢᠬᠤᠯᠠ ᠬᠦᠬᠡᠷᠬᠡᠬᠦ ᠪᠤᠯᠤᠨ ᠨᠢᠰᠦᠯᠬᠡ ᠶᠢᠨ ᠲᠤᠷᠰᠢᠯᠳᠠ᠂ ᠦᠢᠯᠡᠳᠪᠦᠷᠢᠯᠡᠨ ᠬᠡᠷᠡᠭᠯᠡᠭᠦᠯᠬᠦ ᠳᠤ ᠲᠤᠰᠢᠶᠠᠬᠤ ᠲᠤᠭ᠎ᠠ ᠨᠢ ᠲᠡᠦᠬᠡ ᠶᠢᠨ ᠰᠢᠨ᠎ᠡ ᠶᠢ ᠡᠬᠦᠳᠬᠦ ᠪᠤᠯᠤᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122239582