蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠡᠴᠡ ᠢᠰᠷᠧᠯ ᠳᠤ ᠵᠢᠭᠤᠯᠴᠢᠯᠠᠬᠰᠠᠳ 12.3 ᠲᠦᠮᠡ ᠬᠦᠷᠪᠡ

2018-01-12 16:38

    ᠰᠢᠨᠬᠤᠸᠠ ᠬᠤᠷᠢᠶ᠎ᠠ  ᠶᠧᠷᠦ᠋ᠰᠡᠯᠧᠮ ᠤᠨ 1 ᠰᠠᠷ᠎ᠠ ᠶᠢᠨ 10 ᠤ᠋ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠬᠴᠢ ᠴᠧᠨ ᠸᠧᠨ ᠰᠢᠶᠠᠨ) ᠢᠰᠷᠧᠯ ᠤᠨ ᠲᠦᠪ ᠤᠨ ᠲᠤᠭ᠎ᠠ ᠪᠦᠷᠢᠳᠬᠡᠯ ᠤᠨ ᠲᠤᠪᠴᠢᠶ᠎ᠠ ᠶᠢᠨ ᠨᠡᠶᠢᠲᠡᠯᠡᠭᠰᠡᠨ ᠬᠠᠮᠤᠬ ᠤᠨ ᠰᠢᠨ᠎ᠡ ᠳ᠋ᠠᠶᠢᠲ᠋ᠠ ᠡᠴᠡ ᠲᠤᠳᠤᠷᠠᠭᠤᠯᠪᠠᠯ᠂ 2017 ᠤᠨ ᠳᠤ ᠢᠰᠷᠧᠯ ᠳᠤ ᠵᠢᠭᠤᠯᠴᠢᠯᠠᠬᠰᠠᠨ ᠳᠤᠮᠳᠠᠳᠤ ᠶᠢᠨ ᠵᠢᠭᠤᠯᠴᠢᠳ ᠠᠩᠬ᠎ᠠ ᠤᠳᠠᠭ᠎ᠠ ᠳᠠᠪᠬᠤᠷᠳᠠᠬᠰᠠᠨ ᠲᠤᠭ᠎ᠠ ᠪᠡᠷ 10 ᠲᠦᠮᠡ ᠵᠢ ᠳᠠᠪᠠᠭᠠᠳ 12.3 ᠲᠦᠮᠡ ᠬᠦᠷᠴᠦ᠂ 2016 ᠤᠨ ᠡᠴᠡ ᠪᠠᠨ 45% ᠪᠡᠷ ᠨᠡᠮᠡᠭᠳᠡᠭᠰᠡᠨ ᠪᠠᠶᠢᠨ᠎ᠠ᠃

    ᠮᠠᠨ ᠤ ᠤᠯᠤᠰ ᠡᠴᠡ ᠢᠰᠷᠧᠯ ᠳᠤ ᠵᠢᠭᠤᠯᠴᠢᠯᠠᠬᠰᠠᠳ ᠰᠡᠭᠦᠯ ᠤᠨ ᠵᠢᠯ ᠤᠳ ᠲᠤ ᠦᠳᠲᠦᠷ ᠨᠡᠮᠡᠭᠳᠡᠵᠦ᠂ ᠢᠰᠷᠧᠯ ᠤᠨ ᠠᠶᠠᠯᠠᠯ ᠵᠢᠭᠤᠯᠴᠢᠯᠠᠯ ᠤᠨ ᠶᠠᠮᠤᠨ ᠤ ᠲᠦᠰᠦᠭᠡᠯᠡᠬᠦ ᠪᠡᠷ ᠬᠤᠶᠠᠷ ᠭᠤᠷᠪᠠᠨ ᠵᠢᠯ ᠤᠨ ᠳᠠᠷᠠᠭ᠎ᠠ ᠢᠰᠷᠧᠯ ᠳᠤ ᠵᠢᠭᠤᠯᠴᠢᠯᠠᠬᠤ ᠳᠤᠮᠳᠠᠳᠤ ᠶᠢᠨ ᠵᠢᠭᠤᠯᠴᠢᠳ ᠳᠠᠪᠬᠤᠷᠳᠠᠬᠰᠠᠨ ᠲᠤᠭ᠎ᠠ ᠪᠡᠷ 20 ᠲᠦᠮᠡ ᠬᠦᠷᠬᠦ ᠪᠤᠯᠤᠮᠵᠢ ᠪᠤᠢ᠃

    ᠮᠠᠨ ᠤ ᠤᠯᠤᠰ ᠤᠨ ᠵᠢᠭᠤᠯᠴᠢᠳ ᠤᠨ ᠢᠰᠷᠧᠯ ᠳᠤ ᠬᠦᠷᠴᠦ ᠵᠢᠭᠤᠯᠴᠢᠯᠠᠬᠤ ᠵᠢ ᠤᠯᠠᠮ ᠳᠦᠭᠦᠮ ᠪᠤᠯᠭᠠᠬᠤ ᠶᠢᠨ ᠲᠤᠰᠠᠳᠠ ᠮᠠᠨ ᠤ ᠤᠯᠤᠰ ᠡᠴᠡ ᠢᠰᠷᠧᠯ ᠳᠤ ᠰᠢᠭᠤᠳ ᠬᠦᠷᠬᠦ ᠰᠢᠨ᠎ᠡ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠬᠦ ᠪᠡᠷ ᠲᠦᠯᠦᠪᠯᠡᠵᠦ ᠪᠤᠢ᠃ ᠤᠳᠤᠬᠠᠨ ᠳᠤ ᠬᠠᠶᠢᠨᠠᠨ ᠤ ᠠᠭᠠᠷ ᠠᠶᠠᠯᠠᠯ ᠤᠨ ᠺᠤᠮᠫᠠᠨᠢ ᠨᠢᠭᠡᠨᠲᠡ ᠪᠡᠭᠡᠵᠢᠩ ᠪᠤᠯᠤᠨ ᠱᠠᠩᠬᠠᠢ ᠡᠴᠡ ᠢᠰᠷᠧᠯ ᠳᠤ ᠰᠢᠭᠤᠳ ᠬᠦᠷᠬᠦ ᠬᠤᠶᠠᠷ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠦᠭᠰᠡᠨ ᠪᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • ᠤᠯᠤᠰ ᠤᠨ ᠬᠡᠪᠯᠡᠯ ᠮᠡᠳᠡᠭᠡᠯᠡᠯ ᠷᠠᠳᠢᠣ᠋ ᠲᠧᠯᠸᠶ᠋ᠰ ᠤᠨ ᠶᠡᠷᠦᠩᠬᠡᠢ ᠲᠤᠪᠴᠢᠶ᠎ᠠ᠄ ᠵᠤᠭᠰᠤᠭᠠᠭᠰᠠᠨ ᠨᠡᠪᠲᠡᠷᠡᠭᠦᠯᠬᠡ ᠶᠢ ᠨᠧᠲ ᠲᠤ ᠰᠢᠯᠵᠢᠬᠦᠯᠦᠨ ᠨᠡᠪᠲᠡᠷᠡᠬᠦᠯᠵᠦ ᠪᠤᠯᠬᠤ ᠦᠬᠡᠢ
  • ᠨᠠᠷᠢᠯᠢᠬ ᠭᠤᠶᠤᠮᠰᠤᠭ ᠮᠦᠰᠦᠨ ᠱᠤᠭᠤᠮᠠᠯ 
  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
关闭
010070230030000000000000011120701122251143